ᠲᠤᠶᠠᠭ᠎ᠠ ᠲᠦᠯᠦᠭᠡᠯᠡᠭᠴᠢ᠄ ᠰᠤᠷᠭᠠᠨ ᠬᠦᠮᠤᠵᠢᠯ ᠤᠨ ︿ᠬᠤᠶᠠᠷ ᠢ ᠬᠦᠡᠭᠭᠡᠷᠡᠭᠦᠯᠬᠦ﹀᠎ ᠳᠤ ᠭᠡᠷ ᠪᠦᠯᠢ ᠶᠢᠨ ᠰᠤᠷᠭᠠᠨ ᠬᠦᠮᠤᠵᠢᠯ ᠢ ᠴᠢᠬᠤᠯᠠᠴᠢᠯᠠᠬᠤ ᠶᠢ ᠰᠠᠨᠠᠭᠠᠴᠢᠯᠠᠪᠠ
ᠨᠡᠶᠢᠲᠡᠯᠡᠭᠰᠡᠨ ᠴᠠᠭ᠄
2022/8/30
          ᠲᠤᠶᠠᠭ᠎ᠠ ᠲᠦᠯᠦᠭᠡᠯᠡᠭᠴᠢ ᠦᠤᠰᠢᠨ ᠬᠤᠰᠢᠭᠤᠨ ᠤ ᠬᠤᠶᠠᠳᠤᠭᠠᠷ ᠲᠤᠷᠰᠢᠯᠳᠡ ᠶᠢᠨ ᠪᠠᠭ᠎ᠠ ᠰᠤᠷᠭᠠᠭᠤᠯᠢ ᠳᠤ ᠲᠡᠳ᠋ ᠵᠠᠬᠢᠷᠤᠯ ᠤᠨ ᠠᠵᠢᠯ ᠠᠯᠪᠡ ᠲᠠᠢ᠃  ᠤᠳᠠᠭᠠᠨ ᠵᠢᠯ ᠤᠨ ᠲᠤᠷᠰᠢ ᠰᠤᠷᠭᠠᠨ ᠬᠦᠮᠤᠵᠢᠯ ᠤᠨ ᠹᠠᠷᠤᠨᠲ ᠲᠤ ᠭᠠᠪᠰᠢᠭᠠᠶᠢᠯᠡᠨ᠂  ᠲᠡᠳ᠋ ᠵᠠᠬᠢᠷᠤᠯ ᠤᠨ ᠲᠤᠰᠢᠶᠠᠯ ᠢ ᠡᠭᠦᠷᠭᠡᠯᠡᠭᠡᠳ 9 ᠵᠢᠯ ᠤᠨ ᠨᠢᠭᠤᠷ ᠢ ᠦᠵᠡᠵᠤ᠂  ᠰᠤᠷᠤᠬᠴᠢᠳ ᠤᠨ ᠡᠷᠡᠭᠦᠯ ᠢᠶᠠᠷ ᠦᠰᠤᠨ ᠪᠤᠶᠢᠵᠢᠬᠤ ᠶᠢ ᠦᠷᠭᠦᠯᠵᠢ ᠬᠠᠯᠠᠮᠵᠢᠯᠠᠬᠰᠠᠭᠠᠷ ᠢᠷᠡᠵᠠᠢ᠃  ᠲᠤᠰ ᠤᠳᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠳᠤ ᠲᠤᠶᠠᠭ᠎ᠠ ᠲᠦᠯᠦᠭᠡᠯᠡᠭᠴᠢ ᠰᠤᠷᠭᠠᠨ ᠬᠦᠮᠤᠵᠢᠯ ᠤᠨ ︿ᠬᠤᠶᠠᠷ ᠢ ᠬᠦᠡᠭᠭᠡᠷᠡᠭᠦᠯᠬᠦ﹀᠎ ᠳᠤ ᠭᠡᠷ ᠪᠦᠯᠢ ᠶᠢᠨ ᠰᠤᠷᠭᠠᠨ ᠬᠦᠮᠤᠵᠢᠯ ᠢ ᠴᠢᠬᠤᠯᠠᠴᠢᠯᠠᠬᠤ ᠲᠤᠬᠠᠢ ᠰᠠᠨᠠᠯ ᠵᠦᠪᠯᠡᠯᠭᠡ ᠲᠤᠷᠠᠳᠴᠠᠢ᠃     ᠲᠡᠷᠨ᠄ ︿ᠤᠯᠤᠰ ᠠᠴᠠ ᠬᠤᠶᠠᠷ ᠢ ᠬᠦᠡᠭᠭᠡᠷᠡᠭᠦᠯᠬᠦ ᠲᠦᠷᠦ ᠶᠢᠨ ᠪᠤᠳᠤᠯᠭ᠎ᠠ ᠶᠢ ᠬᠡᠷᠡᠭᠵᠢᠭᠦᠯᠦᠭᠡᠳ ᠨᠢᠭᠡ ᠰᠤᠷᠤᠯᠭ᠎ᠠ ᠶᠢᠨ ᠬᠤᠭᠤᠴᠠᠭ᠎ᠠ ᠪᠤᠯᠵᠤ ᠪᠠᠶᠢᠨ᠎ᠠ᠃  ᠪᠢ ᠰᠤᠷᠭᠠᠨ ᠬᠦᠮᠤᠵᠢᠯ ᠤᠨ ᠠᠵᠢᠯᠳᠡᠨ ᠪᠤᠯᠤᠬᠰᠡᠨ ᠤ ᠬᠤᠪᠢ ᠳᠤ ᠡᠨᠡ ᠬᠤᠭᠤᠴᠠᠭᠠᠨ ᠳᠠᠬᠢ ᠠᠵᠢᠯ ᠤᠨ ᠲᠤᠬᠠᠢ ᠮᠠᠰᠢ ᠬᠦᠨ ᠰᠡᠳᠬᠢᠭᠳᠡᠯ ᠲᠠᠢ ᠪᠠᠶᠢᠨ᠎ᠠ᠃  ᠬᠤᠶᠠᠷ ᠢ ᠬᠦᠡᠭᠭᠡᠷᠡᠭᠦᠯᠬᠦ ᠲᠦᠷᠦ ᠶᠢᠨ ᠪᠤᠳᠤᠯᠭ᠎ᠠ ᠪᠤᠯ ᠰᠢᠰᠲ᠋ᠧᠮ ᠲᠠᠢ ᠢᠨᠵᠧᠨᠧᠷᠢᠩ ᠶᠤᠮ᠂  ᠲᠡᠭᠦᠨ ᠳᠤ ᠰᠤᠷᠭᠠᠭᠤᠯᠢ᠂  ᠭᠡᠷ ᠤᠨ ᠠᠬᠠᠮᠡᠳ ᠪᠡ ᠪᠦᠬᠦ ᠨᠡᠶᠢᠭᠡᠮ ᠤᠨ ᠬᠠᠮᠳᠤᠷᠠᠯᠴᠠᠭ᠎ᠠ ᠴᠢᠬᠤᠯᠠᠳᠠᠢ᠃  ᠢᠯᠠᠩᠭᠤᠶ᠎ᠠ ︿ᠭᠡᠷ ᠪᠦᠯᠢ ᠶᠢᠨ ᠰᠤᠷᠭᠠᠨ ᠬᠦᠮᠤᠵᠢᠯ ᠢ ᠠᠬᠢᠭᠤᠯᠬᠤ ᠬᠠᠤᠯᠢ﹀᠎ ᠶᠢ ᠡᠨᠡ ᠵᠢᠯ ᠤᠨ 1 ᠰᠠᠷ᠎ᠠ ᠶᠢᠨ 1᠎ ᠤ ᠡᠳᠤᠷ ᠠᠴᠠ ᠬᠡᠷᠡᠭᠵᠢᠭᠦᠯᠦᠭᠳᠡᠭᠰᠡᠨ ᠲᠤᠯᠨ ᠭᠡᠷ ᠤᠨ ᠠᠬᠠᠮᠡᠳ ᠬᠡᠤᠭᠡᠳ ᠤᠨ ᠰᠤᠷᠭᠠᠨ ᠬᠦᠮᠤᠵᠢᠯ ᠤᠨ ᠲᠤᠬᠠᠢ ᠦᠵᠡᠯᠳᠡ ᠲᠠᠨᠢᠯᠳᠡ ᠪᠠᠨ ᠲᠠᠷᠤᠶᠢᠬᠠᠨ ᠬᠤᠪᠢᠷᠠᠭᠤᠯᠵᠤ᠂  ᠬᠡᠤᠭᠡᠳ ᠤᠨ ᠰᠤᠷᠭᠠᠨ ᠬᠦᠮᠤᠵᠢᠯ ᠢ ᠪᠤᠯᠪᠠᠰᠤᠷᠠᠯ ᠤᠨ ᠠᠩᠬᠢ ᠳᠤ ᠲᠤᠰᠢᠶᠠᠬᠤ ᠪᠤᠶᠤ ᠰᠤᠷᠭᠠᠭᠤᠯᠢ ᠶᠢᠨ ᠰᠤᠷᠭᠠᠨ ᠬᠦᠮᠤᠵᠢᠯ ᠳᠤ ᠯᠨ ᠲᠦᠰᠢᠭᠯᠡᠬᠦ ᠦᠵᠡᠯᠳᠡ ᠪᠠᠨ ᠲᠠᠶᠠᠬᠳᠠᠵᠤ᠂  ᠬᠠᠤᠯᠢ ᠶᠤᠰᠤᠭᠠᠷ ᠭᠡᠤᠭᠡᠳ ᠢᠶᠠᠨ ᠬᠠᠷᠠᠭᠠᠯᠵᠠᠬᠤ ᠴᠢᠬᠤᠯᠨ ᠲᠠᠢ ᠪᠤᠯᠪᠠ᠃  ᠡᠳᠡᠭᠡᠷ ᠠᠰᠠᠭᠤᠳᠠᠯ ᠳᠤ ᠴᠢᠭᠯᠡᠭᠦᠯᠤᠨ ᠪᠢ ᠲᠤᠤᠷᠠᠬᠢ ᠬᠡᠳᠤᠨ ᠲᠠᠯ᠎ᠠ ᠶᠢᠨ ᠰᠠᠨᠠᠯ ᠵᠦᠪᠯᠡᠯᠭᠡ ᠲᠤᠷᠠᠳᠪᠡ᠃  ᠨᠢᠭᠡ ᠳᠤ᠂  ︿ᠭᠡᠷ ᠪᠦᠯᠢ ᠶᠢᠨ ᠰᠤᠷᠭᠠᠨ ᠬᠦᠮᠤᠵᠢᠯ ᠢ ᠠᠬᠢᠭᠤᠯᠬᠤ ᠬᠠᠤᠯᠢ﹀᠎ ᠶᠢᠨ ᠤᠬᠠᠭᠤᠯᠭ᠎ᠠ ᠰᠤᠷᠳᠠᠯᠴᠢᠯᠠᠭ᠎ᠠ ᠶᠢ ᠴᠢᠩᠭᠠᠳᠬᠠᠵᠤ᠂  ᠭᠡᠷ ᠤᠨ ᠠᠬᠠᠮᠡᠳ ᠲᠤ ᠬᠦᠨᠵᠡᠭᠡᠢ ᠦᠢᠯᠠᠭᠠᠭᠤᠯᠬᠤ ᠴᠢᠬᠤᠯᠠᠳᠠᠢ᠃  ᠬᠤᠶᠠᠷ ᠲᠤ᠂  ᠰᠤᠷᠭᠠᠭᠤᠯᠢ ᠶᠢᠨ ᠰᠤᠷᠭᠠᠨ ᠬᠦᠮᠤᠵᠢᠯ ᠪᠠ ᠭᠡᠷ ᠪᠦᠯᠢ ᠶᠢᠨ ᠰᠤᠷᠭᠠᠨ ᠬᠦᠮᠤᠵᠢᠯ ᠢ ᠤᠶᠠᠯᠳᠤᠭᠤᠯᠬᠤ ᠶᠢ ᠴᠢᠩᠭᠠᠳᠬᠠᠬᠤ ᠴᠢᠬᠤᠯᠠᠳᠠᠢ᠃  ᠭᠤᠷᠪᠡ ᠳᠤ᠂  ᠭᠡᠷ ᠪᠦᠯᠢ᠂  ᠰᠤᠷᠭᠠᠭᠤᠯᠢ᠂  ᠨᠡᠶᠢᠭᠡᠮ ᠤᠨ ᠡᠯ᠎ᠡ ᠡᠳᠡᠭᠡᠳ ᠤᠨ ᠬᠢᠨ ᠤ ᠬᠠᠮᠳᠤᠷᠠᠯᠴᠠᠬᠰᠡᠨ ᠲᠤᠬᠳᠠᠯᠴᠠᠭ᠎ᠠ ᠶᠢ ᠪᠦᠷᠢᠯᠳᠦᠭᠦᠯᠵᠤ᠂  ︿ᠬᠤᠶᠠᠷ ᠢ ᠬᠦᠡᠭᠭᠡᠷᠡᠭᠦᠯᠬᠦ﹀ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠳᠤ ᠬᠠᠮᠳᠤ ᠪᠠᠷ ᠬᠦᠴᠦᠯᠡᠬᠦ ᠴᠢᠬᠤᠯᠠᠳᠠᠢ᠃  ᠤᠯᠤᠰ᠂  ᠭᠡᠷ ᠪᠦᠯᠢ᠂  ᠰᠤᠷᠭᠠᠭᠤᠯᠢ ᠬᠠᠮᠳᠤ ᠪᠠᠷ ᠴᠢᠷᠮᠠᠶᠢᠪᠠᠯ ᠬᠡᠤᠭᠡᠳ ᠨᠡᠩ ᠡᠷᠡᠭᠦᠯ ᠢᠶᠠᠷ ᠦᠰᠦᠨ ᠪᠤᠶᠢᠵᠢᠨ᠎ᠠ ᠭᠡᠳᠡᠭ ᠲᠤ ᠪᠢ ᠢᠳᠡᠭᠡᠯ ᠲᠠᠢ ᠪᠠᠶᠢᠨ᠎ᠠ﹀ ᠭᠡᠯ᠎ᠡ᠃      
ᠢᠷᠡᠯᠲᠡ᠄ ᠤᠷᠳᠤᠰ ᠮᠤᠩᠭᠤᠯ ᠰᠦᠯᠵᠢᠶ᠎ᠡ