ᠡᠷᠦᠬᠡ ᠰᠠᠯᠭᠠᠬᠤ ᠪᠠ ᠡᠷᠦᠬᠡ ᠨᠡᠶᠢᠯᠡᠭᠦᠯᠬᠦ
ᠨᠡᠶᠢᠲᠡᠯᠡᠭᠰᠡᠨ ᠴᠠᠭ᠄
2022/8/30
       ᠬᠡᠷᠬᠢᠨ ᠭᠤᠶᠤᠴᠢᠯᠠᠨ ᠠᠪᠬᠤ᠄     ᠡᠷᠦᠬᠡ ᠠᠮᠠ ᠶᠢᠨ ᠳᠠᠩᠰᠠᠯᠠᠯ ᠢ ᠡᠷᠦᠬᠡ ᠪᠠᠷ ᠨᠢᠭᠡᠴᠢ ᠪᠣᠯᠭᠠᠵᠤ᠂ ᠡᠷᠦᠬᠡ ᠶᠢᠨ ᠡᠵᠡᠨ ᠲᠠᠢ ᠬᠠᠮᠲᠤ ᠰᠠᠭᠤᠵᠤ ᠪᠠᠶᠢᠭ᠎ᠠ ᠶᠢ ᠨᠢᠭᠡ ᠡᠷᠦᠬᠡ ᠪᠣᠯᠭᠠᠬᠤ ᠬᠡᠷᠡᠭᠲᠡᠢ︔ ᠭᠠᠭᠴᠠ ᠪᠡᠶ᠎ᠡ ᠪᠠᠷ ᠢᠶᠠᠨ ᠰᠠᠭᠤᠵᠤ ᠪᠠᠶᠢᠭ᠎ᠠ ᠪᠣᠯ ᠠᠰᠲᠠᠭᠠᠨ ᠨᠢᠭᠡ ᠡᠷᠦᠬᠡ ᠪᠣᠯᠵᠤ ᠪᠣᠯᠣᠨ᠎ᠠ︔ ᠪᠠᠶᠢᠭᠤᠯᠭ᠎ᠠ᠂ ᠪᠦᠯᠬᠦᠮ᠂ ᠰᠤᠷᠭᠠᠭᠤᠯᠢ᠂ ᠠᠵᠤ ᠠᠬᠤᠶᠢᠯᠠᠯ᠂ ᠠᠵᠢᠯ ᠦᠢᠯᠡᠰ ᠵᠡᠷᠭᠡ ᠨᠢᠭᠡᠴᠡ ᠶᠢᠨ ᠳᠣᠲᠣᠭᠠᠳᠤ ᠪᠠ ᠬᠠᠮᠲᠤ ᠶᠢᠨ ᠪᠠᠶᠢᠷᠢ ᠳᠤ ᠰᠠᠭᠤᠵᠤ ᠪᠠᠶᠢᠭ᠎ᠠ ᠠᠵᠢᠯᠲᠠᠨ ᠠᠵᠢᠯᠴᠢᠨ᠂ ᠰᠤᠷᠤᠭᠴᠢ ᠪᠣᠯ ᠬᠠᠮᠲᠤ ᠳᠠᠭᠠᠨ ᠨᠢᠭᠡ ᠡᠷᠦᠬᠡ ᠪᠣᠯᠣᠨ᠎ᠠ᠂ ᠲᠤᠰᠠᠭᠠᠷ ᠢᠶᠠᠨ ᠡᠷᠦᠬᠡ ᠪᠣᠯᠵᠤ ᠪᠣᠯᠬᠤ ᠦᠭᠡᠢ᠃     ᠦᠷ᠎ᠡ ᠬᠡᠦᠬᠡᠳ ᠤᠷᠤᠭᠯᠠᠭᠰᠠᠨ ᠤ ᠳᠠᠷᠠᠭ᠎ᠠ ᠨᠢᠭᠡᠨᠲᠡ ᠲᠤᠰᠠᠭᠠᠷ ᠢᠶᠠᠨ ᠠᠮᠢᠳᠤᠷᠠᠵᠤ᠂ ᠣᠷᠣᠰᠢᠨ ᠰᠠᠭᠤᠬᠤ ᠨᠥᠬᠦᠴᠡᠯ ᠲᠠᠢ ᠪᠣᠯ ᠡᠷᠦᠬᠡ ᠰᠠᠯᠵᠤ ᠪᠣᠯᠣᠨ᠎ᠠ︔ ᠤᠷᠤᠭᠯᠠᠭᠠᠳᠤᠢ ᠦᠷ᠎ᠡ ᠬᠡᠦᠬᠡᠳ ᠪᠣᠯᠣᠨ ᠡᠴᠢᠭᠡ ᠡᠬᠡ ᠶᠢᠨ ᠬᠤᠭᠤᠷᠣᠨᠳᠤ᠂ ᠡᠷ᠎ᠡ ᠡᠮ᠎ᠡ ᠶᠢᠨ ᠬᠤᠭᠤᠷᠣᠨᠳᠤ ᠲᠤᠰᠠᠭᠠᠷ ᠢᠶᠠᠨ ᠡᠷᠦᠬᠡ ᠰᠠᠯᠬᠤ ᠪᠤᠶᠤ ᠡᠷᠦᠬᠡ ᠪᠣᠯᠵᠤ ᠪᠣᠯᠬᠤ ᠦᠭᠡᠢ᠃ ᠡᠭᠦᠨ ᠢ ᠡᠷᠦᠬᠡ ᠠᠮᠠ ᠶᠢᠨ ᠪᠠᠶᠢᠭ᠎ᠠ ᠭᠠᠵᠠᠷ ᠤᠨ ᠲᠣᠮᠢᠯᠠᠭᠰᠠᠨ ᠰᠠᠯᠪᠤᠷᠢ ᠳᠤ ᠬᠦᠷᠴᠦ ᠭᠦᠢᠴᠡᠳᠬᠡᠵᠦ ᠪᠣᠯᠣᠨ᠎ᠠ᠃        ᠬᠡᠷᠡᠭᠰᠡᠬᠦ ᠮᠠᠲ᠋ᠧᠷᠢᠶᠠᠯ᠄ ᠠᠷᠠᠳ ᠢᠷᠭᠡᠨ ᠡᠷᠦᠬᠡ ᠰᠠᠯᠭᠠᠬᠤ᠂ ᠨᠡᠶᠢᠯᠡᠭᠦᠯᠬᠦ ᠶᠢ ᠱᠠᠭᠠᠷᠳᠠᠬᠤ ᠳᠤ᠂ ᠲᠤᠰ ᠬᠥᠮᠥᠨ ᠨᠢ ᠪᠢᠴᠢᠭᠯᠡᠭᠰᠡᠨ ᠭᠤᠶᠤᠴᠢᠯᠠᠯ ᠭᠠᠷᠭᠠᠵᠤ᠂ ᠡᠷᠦᠬᠡ ᠠᠮᠠ ᠶᠢᠨ ᠠᠷᠠᠳ ᠤᠨ ᠴᠠᠭᠳᠠᠭ᠎ᠠ ᠪᠠᠶᠢᠴᠠᠭᠠᠭᠠᠳ ᠦᠨᠡᠨ ᠪᠠᠶᠢᠪᠠᠯ᠂ ᠡᠷᠦᠬᠡ ᠰᠠᠯᠭᠠᠬᠤ᠂ ᠨᠡᠶᠢᠯᠡᠭᠦᠯᠬᠦ ᠭᠠᠷᠳᠠᠮ ᠭᠦᠢᠴᠡᠳᠬᠡᠵᠦ ᠦᠭᠬᠦ ᠬᠡᠷᠡᠭᠲᠡᠢ᠃  
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ