ᠨᠢᠭᠦᠯᠡᠰᠦᠩᠭᠦᠢ ᠶᠢᠨ ᠦᠢᠯᠡᠰ
ᠨᠡᠶᠢᠲᠡᠯᠡᠭᠰᠡᠨ ᠴᠠᠭ᠄
2022/8/30
    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠢᠭᠦᠯᠡᠰᠦᠩᠭᠦᠢ ᠶᠢᠨ ᠶᠡᠷᠦᠩᠬᠡᠢ ᠡᠪᠯᠡᠯ 1996 ᠣᠨ ᠤ 12 ᠳ᠋ᠤᠭᠠᠷ ᠰᠠᠷ᠎ᠠ ᠳᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠡᠪᠯᠡᠯ ᠪᠦᠯᠬᠦᠮ ᠤᠨ ᠬᠠᠮᠢᠶᠠᠷᠤᠯᠲᠠ ᠶᠢᠨ ᠲᠣᠪᠴᠢᠶ᠎ᠠ ᠳᠤ ᠲᠡᠮᠳᠡᠭᠯᠡᠭᠦᠯᠦᠨ ᠳᠠᠩᠰᠠᠯᠠᠭᠤᠯᠵᠤ᠂ 2008 ᠣᠨ ᠤ 11 ᠳ᠋ᠦ᠋ᠭᠡᠷ ᠰᠠᠷ᠎ᠠ ᠶᠢᠨ 26 ᠤ ᠡᠳᠦᠷ ᠪᠠᠶᠢᠭᠤᠯᠤᠭᠳᠠᠬᠤ ᠶᠡᠭᠡ ᠬᠤᠷᠠᠯ ᠬᠤᠷᠠᠯᠳᠤᠭᠤᠯᠪᠠ᠃     ᠲᠡᠭᠦᠨ ᠤ ᠵᠣᠷᠢᠯᠲᠠ ᠨᠢ ᠪᠣᠯ᠄ ᠬᠥᠮᠦᠯᠢᠭ ᠦᠵᠡᠯ ᠤᠨ ᠵᠣᠷᠢᠭ  ᠰᠠᠨᠠᠭ᠎ᠠ ᠶᠢ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠶᠠᠳᠠᠭᠤ ᠬᠦᠴᠢᠷᠳᠡᠯᠲᠡᠢ ᠶᠢ ᠲᠡᠳᠬᠦᠨ ᠲᠤᠰᠠᠯᠠᠬᠤ ᠤᠯᠠᠮᠵᠢᠯᠠᠯᠲᠤ ᠰᠠᠶᠢᠬᠠᠨ ᠵᠠᠩ ᠰᠤᠷᠲᠠᠯ ᠢ  ᠮᠠᠨᠳᠤᠭᠤᠯᠤᠨ᠂ ᠨᠡᠶᠢᠭᠡᠮ ᠳᠡᠭᠡᠷᠡᠬᠢ ᠠᠵᠠ ᠪᠤᠰᠤ ᠶᠢᠨ ᠬᠤᠪᠢ ᠬᠥᠮᠥᠨ ᠪᠠ ᠬᠦᠴᠢᠷᠳᠡᠯ ᠲᠠᠢ ᠨᠡᠶᠢᠲᠡ ᠴᠣᠭᠴᠠ ᠶᠢ ᠬᠠᠪᠰᠤᠷᠴᠤ᠂ ᠭᠠᠮᠰᠢᠭ ᠠᠴᠠ ᠠᠪᠤᠷᠠᠬᠤ᠂  ᠶᠠᠳᠠᠭᠤ ᠶᠢ ᠳᠡᠳᠬᠦᠬᠦ᠂ ᠨᠠᠰᠤᠲᠠᠨ ᠢ ᠠᠰᠠᠷᠠᠬᠤ᠂ ᠥᠨᠥᠴᠢᠨ ᠢ ᠲᠤᠰᠠᠯᠠᠬᠤ᠂ ᠰᠤᠷᠭᠠᠨ ᠬᠥᠮᠦᠵᠢᠯ ᠢ ᠲᠤᠰᠠᠯᠠᠬᠤ᠂ ᠰᠤᠷᠤᠯᠭ᠎ᠠ ᠳᠤ ᠳᠡᠳᠬᠦᠬᠦ᠂ ᠵᠡᠮᠳᠡᠭᠴᠦᠳ ᠢ  ᠲᠤᠰᠠᠯᠠᠬᠤ᠂ ᠡᠮᠨᠡᠯᠭᠡ ᠪᠠᠷ ᠲᠤᠰᠠᠯᠠᠬᠤ ᠵᠡᠷᠭᠡ ᠤᠯᠠᠨ ᠵᠦᠢᠯ ᠤᠨ ᠬᠡᠯᠪᠡᠷᠢ ᠪᠦᠬᠦᠢ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠠᠵᠢᠯᠯᠠᠭ᠎ᠠ ᠥᠷᠨᠢᠭᠦᠯᠬᠦ ᠪᠣᠯᠣᠨ᠎ᠠ᠃    ᠨᠢᠭᠡ᠂ ᠨᠢᠭᠦᠯᠡᠰᠦᠩᠭᠦᠢ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠪᠡ᠃ ᠤᠷᠢᠳ ᠬᠤᠵᠢᠳ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ ᠪᠣᠯᠣᠨ ᠤᠯᠠᠭᠠᠨᠬᠠᠳᠠ ᠬᠤᠲᠠ ᠶᠢᠨ ᠷᠠᠳᠢᠣ᠋ ᠲᠧᠯᠸᠢᠰ ᠬᠤᠷᠢᠶ᠎ᠠ ᠲᠠᠢ ᠬᠤᠷᠰᠢᠯᠴᠠᠨ᠂ ᠮᠣᠩᠭᠤᠯ ᠬᠢᠲᠠᠳ ᠬᠡᠯᠡᠨ ᠤ ᠷᠠᠳᠢᠣ᠋ ᠫᠷᠣᠭ᠍ᠷᠠᠮ ︽ᠮᠠᠯᠴᠢᠨ ᠲᠠᠷᠢᠶᠠᠴᠢᠳ ᠤᠨ ᠬᠠᠨᠢ︾ ᠵᠡᠷᠭᠡ ᠫᠷᠣᠭ᠍ᠷᠠᠮ ᠳᠤ ᠨᠢᠭᠦᠯᠡᠰᠦᠩᠭᠦᠢ ᠶᠢᠨ ᠠᠵᠢᠯ᠂ ᠨᠢᠭᠦᠯᠡᠰᠦᠩᠭᠦᠢ ᠶᠢᠨ ᠣᠨᠣᠯᠵᠢᠬᠤᠨ᠂ ᠨᠢᠭᠦᠯᠡᠰᠦᠩᠭᠦᠢ ᠶᠢᠨ ᠰᠣᠶᠣᠯ ᠵᠡᠷᠭᠡ ᠲᠠᠯ᠎ᠠ ᠪᠠᠷ  ᠤᠬᠠᠭᠤᠯᠭ᠎ᠠ ᠶᠢᠨ ᠮᠡᠳᠡᠭᠡᠯᠡᠯ ᠬᠢᠵᠦ᠂ ᠤᠬᠠᠭᠤᠯᠭ᠎ᠠ ᠶᠢᠨ ᠪᠡᠯᠡ ᠮᠥᠩᠭᠦ ᠨᠡᠶᠢᠲᠡ 40 ᠭᠠᠷᠤᠢ ᠲᠦᠮᠡᠨ ᠲᠥᠭᠦᠷᠢᠭ ᠣᠷᠣᠭᠤᠯᠪᠠ᠃   ᠬᠤᠶᠠᠷ᠂ ᠨᠢᠭᠦᠯᠡᠰᠦᠩᠭᠦᠢ ᠶᠢᠨ ᠲᠡᠩᠬᠡᠷᠡᠭᠦᠯᠦᠨ ᠲᠤᠰᠠᠯᠠᠬᠤ ᠠᠵᠢᠯ ᠢ ᠢᠳᠡᠪᠬᠢᠲᠡᠢ ᠥᠷᠨᠢᠭᠦᠯᠪᠡ᠃ ᠡᠮᠨᠡᠯᠭᠡ ᠪᠠᠷ ᠳᠡᠳᠬᠦᠬᠦ ᠲᠠᠯ᠎ᠠ ᠪᠠᠷ᠂ 2001 ᠣᠨ ᠠᠴᠠ ᠣᠳᠣ ᠪᠣᠯᠲᠠᠯ᠎ᠠ᠂ ᠳᠤᠮᠳᠠᠳᠤ ᠶᠢᠨ ᠨᠢᠭᠦᠯᠡᠰᠦᠩᠭᠦᠢ ᠶᠢᠨ ᠶᠡᠷᠦᠩᠬᠡᠢ ᠡᠪᠯᠡᠯ ᠤᠨ ᠵᠢᠯᠣᠭᠤᠳᠤᠯᠭ᠎ᠠ ᠳᠣᠣᠷ᠎ᠠ᠂ ᠠᠮᠧᠷᠢᠺᠠ ᠶᠢᠨ ︽ᠮᠦᠰᠢᠶᠡᠩᠭᠦᠢ ᠴᠤᠪᠤᠭ᠎ᠠ ᠲᠡᠷᠭᠡ︾  ᠶᠢᠨ ᠪᠠᠶᠢᠭᠤᠯᠤᠮᠵᠢ ᠲᠠᠢ ᠬᠤᠷᠰᠢᠯᠴᠠᠨ᠂ ᠪᠦᠬᠦ ᠣᠷᠣᠨ ᠤ 2300 ᠭᠠᠷᠤᠢ ᠨᠡᠷᠡᠰ ᠤᠷᠤᠭᠤᠯ ᠲᠠᠩᠨᠠᠢ ᠶᠢᠨ ᠠᠩᠭᠠᠷᠬᠠᠢ ᠡᠪᠡᠳᠴᠢᠲᠡᠨ ᠳᠤ ᠵᠠᠯᠠᠷᠠᠭᠤᠯᠤᠨ ᠵᠠᠰᠠᠬᠤ ᠮᠡᠰᠡ ᠵᠠᠰᠠᠯ ᠬᠢᠵᠦ᠂ ᠠᠮᠵᠢᠯᠲᠠ ᠣᠯᠣᠭᠰᠠᠨ ᠨᠣᠷᠮ᠎ᠠ ᠨᠢ 100% ᠬᠦᠷᠪᠡ᠃ ᠪᠦᠬᠦ ᠣᠷᠣᠨ ᠤ 120 ᠭᠠᠷᠤᠢ ᠨᠡᠷᠡᠰ ᠴᠢᠰᠤ ᠴᠠᠶᠢᠬᠤ ᠡᠪᠡᠳᠴᠢᠨ ᠣᠯᠣᠭᠰᠠᠨ ᠡᠪᠡᠳᠴᠢᠲᠡᠨ ᠳᠤ ᠠᠷᠠᠳ ᠤᠨ ᠵᠣᠭᠤᠰ 20106750 20106750ᠲᠥᠭᠦᠷᠢᠭ ᠪᠠ ᠡᠮ ᠤᠨ ᠵᠦᠢᠯ ᠬᠠᠩᠭᠠᠪᠠ᠃ ᠡᠭᠦᠨ ᠤ ᠬᠠᠮᠲᠤ᠂ ᠢᠳᠡᠪᠬᠢᠲᠡᠢ ᠪᠠᠷ 440 ᠲᠦᠮᠡᠨ ᠲᠥᠭᠦᠷᠢᠭ ᠤᠨ ᠪᠡᠯᠡ ᠮᠥᠩᠭᠦ ᠴᠤᠭᠯᠠᠭᠤᠯᠵᠤ᠂ ᠡᠮᠨᠡᠯᠭᠡ ᠪᠠᠷ ᠲᠤᠰᠠᠯᠠᠬᠤ᠂ ᠰᠤᠷᠤᠯᠭ᠎ᠠ ᠳᠤ ᠳᠡᠳᠬᠦᠬᠦ᠂ ᠥᠨᠥᠴᠢᠨ ᠢ ᠲᠤᠰᠠᠯᠠᠬᠤ᠂ ᠵᠡᠮᠳᠡᠭᠴᠦᠳ ᠢ ᠲᠤᠰᠠᠯᠠᠬᠤ ᠵᠡᠷᠭᠡ ᠲᠠᠯ᠎ᠠ ᠳᠤ ᠬᠡᠷᠡᠭᠯᠡᠪᠡ᠃      ᠭᠤᠷᠪᠠ᠂ ᠨᠢᠭᠦᠯᠡᠰᠦᠩᠭᠦᠢ ᠶᠢᠨ ᠭᠠᠮᠰᠢᠭᠳᠠᠭᠰᠠᠳ ᠢ ᠳᠡᠳᠬᠦᠬᠦ ᠠᠵᠢᠯ᠃ 1998 ᠣᠨ ᠠᠴᠠ ᠡᠬᠢᠯᠡᠨ᠂ ᠤᠷᠢᠳ ᠬᠤᠵᠢᠳ ᠳᠤᠮᠳᠠᠳᠤ ᠶᠢᠨ ᠨᠢᠭᠦᠯᠡᠰᠦᠩᠭᠦᠢ ᠶᠢᠨ ᠶᠡᠷᠦᠩᠬᠡᠢ ᠡᠪᠯᠡᠯ ᠤᠨ ᠲᠤᠰᠠᠯᠠᠭᠰᠠᠨ 3273 ᠲᠦᠮᠡᠨ ᠲᠥᠭᠦᠷᠢᠭ ᠢ ᠣᠯᠵᠤ᠂ ᠭᠠᠮᠰᠢᠭᠳᠠᠭᠰᠠᠨ ᠠᠷᠠᠳ ᠤᠨ ᠰᠢᠨ᠎ᠡ ᠲᠣᠰᠬᠤᠨ 59᠂ ᠠᠰᠠᠷᠠᠮᠵᠢ ᠶᠢᠨ ᠪᠡᠯᠡᠳᠬᠡᠮᠵᠢ 11 ᠭᠠᠵᠠᠷ ᠪᠠ ᠨᠠᠰᠤᠲᠠᠳ ᠠᠰᠠᠷᠠᠬᠤ ᠬᠦᠷᠢᠶᠡᠯᠡᠭ 18 ᠶᠢ ᠪᠠᠶᠢᠭᠤᠯᠪᠠ᠃ ᠡᠭᠦᠨ ᠠᠴᠠ ᠭᠠᠳᠠᠨ᠎ᠠ᠂ ᠢᠳᠡᠪᠬᠢᠲᠡᠢ ᠪᠠᠷ ᠪᠡᠯᠡ ᠮᠥᠩᠭᠦ  ᠴᠤᠭᠯᠠᠭᠤᠯᠬᠤ ᠪᠠᠷ ᠳᠠᠮᠵᠢᠭᠤᠯᠤᠨ᠂ ᠦᠬᠠᠢ᠂ ᠤᠯᠠᠭᠠᠨᠬᠠᠳᠠ᠂ ᠪᠠᠶᠠᠨᠨᠠᠭᠤᠷ᠂ ᠤᠯᠠᠭᠠᠨᠴᠠᠪ ᠵᠡᠷᠭᠡ ᠠᠶᠢᠮᠠᠭ ᠬᠤᠲᠠ ᠶᠢᠨ ᠭᠠᠮᠰᠢᠭᠳᠠᠭᠰᠠᠨ ᠣᠷᠣᠨ ᠳᠤ ᠤᠷᠢᠳ  ᠬᠤᠵᠢᠳ 161.7 ᠲᠦᠮᠡᠨ ᠲᠥᠭᠦᠷᠢᠭ ᠤᠨ ᠭᠠᠮᠰᠢᠭ ᠠᠴᠠ ᠠᠪᠤᠷᠠᠬᠤ ᠪᠡᠯᠡ ᠮᠥᠩᠭᠦ ᠪᠠᠭᠤᠯᠭᠠᠪᠠ᠃ ᠰᠧᠴᠤᠸᠠᠨ ᠤ ᠸᠧᠨ ᠴᠤᠸᠠᠨ ᠳᠤ ᠬᠦᠴᠦᠲᠡᠢ ᠭᠠᠵᠠᠷ  ᠬᠥᠳᠡᠯᠦᠭᠰᠡᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠨᠢᠭᠦᠯᠡᠰᠦᠩᠭᠦᠢ ᠶᠢᠨ ᠶᠡᠷᠦᠩᠬᠡᠢ ᠡᠪᠯᠡᠯ ᠨᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠲᠠᠢ ᠬᠠᠮᠲᠤᠷᠠᠨ ᠵᠣᠭᠤᠰ ᠮᠥᠩᠭᠦ ᠴᠤᠭᠯᠠᠭᠤᠯᠬᠤ ᠠᠵᠢᠯᠯᠠᠭ᠎ᠠ ᠥᠷᠨᠢᠭᠦᠯᠵᠦ᠂ ᠨᠡᠶᠢᠲᠡ 3.6 ᠳ᠋ᠦᠩᠰᠢᠭᠤᠷ ᠲᠥᠭᠦᠷᠢᠭ ᠤᠨ ᠭᠠᠮᠰᠢᠭ ᠠᠴᠠ ᠠᠪᠤᠷᠠᠬᠤ ᠵᠣᠭᠤᠰ ᠪᠠ ᠡᠳ᠋ ᠪᠠᠷᠠᠭ᠎ᠠ ᠴᠤᠭᠯᠠᠭᠤᠯᠪᠠ᠃  
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ