ᠬᠠᠷᠠᠭᠠᠯᠵᠠᠯ ᠠᠰᠠᠷᠠᠮᠵᠢ
ᠨᠡᠶᠢᠲᠡᠯᠡᠭᠰᠡᠨ ᠴᠠᠭ᠄
2022/8/30
     ᠬᠠᠷᠠᠭᠠᠯᠵᠠᠯ ᠠᠰᠠᠷᠠᠮᠵᠢ ᠪᠣᠯ ᠤᠯᠤᠰ ᠪᠠ ᠨᠡᠶᠢᠭᠡᠮ ᠠᠴᠠ ᠴᠡᠷᠢᠭ ᠵᠢᠴᠢ ᠲᠡᠭᠦᠨ ᠤ ᠭᠡᠷ ᠪᠦᠯᠢ ᠪᠠᠷ ᠭᠤᠣᠯ ᠴᠣᠭᠴᠠ ᠪᠣᠯᠭᠠᠭᠰᠠᠨ ᠬᠠᠷᠠᠭᠠᠯᠵᠠᠯ ᠤᠨ ᠡᠲᠡᠭᠡᠳ ᠳᠤ ᠡᠳ᠋ ᠪᠣᠳᠠᠰ ᠤᠨ ᠬᠠᠷᠠᠭᠠᠯᠵᠠᠯ ᠪᠠ ᠣᠶᠣᠨ ᠰᠠᠨᠠᠭᠠᠨ ᠤ ᠲᠣᠬᠤᠨᠢᠭᠤᠯᠤᠯ ᠦᠵᠡᠭᠦᠯᠬᠦ‍ ᠨᠢᠭᠡ ᠵᠦᠢᠯ ᠤᠨ ᠣᠨᠴᠠᠭᠠᠢ ᠨᠡᠶᠢᠭᠡᠮ ᠤᠨ ᠠᠵᠢᠯᠯᠠᠭ᠎ᠠ ᠪᠣᠯᠣᠨ᠎ᠠ᠃    1. ᠭᠤᠣᠯᠳᠠᠯᠭ᠎ᠠ ᠲᠠᠢ ᠬᠠᠷᠠᠭᠠᠯᠵᠠᠯ ᠬᠦᠷᠲᠡᠭᠰᠡᠳ ᠤᠨ ᠦᠨᠳᠦᠰᠦᠨ ᠪᠠᠶᠢᠳᠠᠯ  ᠪᠦᠬᠦ ᠣᠷᠣᠨ ᠳᠤ ᠡᠯ᠎ᠡ ᠵᠦᠢᠯ ᠤᠨ ᠭᠤᠣᠯᠳᠠᠯᠭ᠎ᠠ ᠲᠠᠢ ᠬᠠᠷᠠᠭᠠᠯᠵᠠᠯ ᠬᠦᠷᠲᠡᠭᠰᠡᠳ ᠨᠡᠶᠢᠲᠡ 69679 ᠬᠥᠮᠥᠨ ᠪᠤᠢ᠂ ᠡᠭᠦᠨ ᠳᠤ ᠬᠥᠳᠡᠭᠡ ᠪᠠᠶᠢᠭ᠎ᠠ ᠠᠬᠠᠮᠠᠳ ᠴᠡᠷᠢᠭ ᠠᠴᠠ ᠬᠠᠯᠠᠭᠳᠠᠭᠰᠠᠳ 36012 ᠬᠥᠮᠥᠨ᠂ ᠡᠪᠡᠳᠴᠢᠨ ᠲᠠᠢ ᠪᠠᠷ ᠬᠥᠳᠡᠭᠡ ᠳᠡᠭᠡᠨ ᠪᠤᠴᠠᠭᠰᠠᠨ ᠴᠡᠷᠢᠭ ᠠᠴᠠ ᠪᠠᠭᠤᠭᠰᠠᠳ 11458 ᠬᠥᠮᠥᠨ᠂ ᠡᠯ᠎ᠡ ᠵᠦᠢᠯ ᠤᠨ ᠰᠢᠷᠬᠠᠲᠤᠵᠤ ᠵᠡᠮᠳᠡᠭᠷᠡᠭᠰᠡᠨ ᠬᠥᠮᠥᠰ 16083 ᠬᠥᠮᠥᠨ᠂ ᠨᠥᠭᠴᠢᠭᠰᠡᠨ ᠪᠠᠭᠠᠲᠤᠷᠴᠤᠳ ᠤᠨ ᠭᠡᠷ ᠪᠦᠯᠢ᠂ ᠠᠯᠪᠠᠨ ᠶᠠᠪᠤᠳᠠᠯ ᠢᠶᠠᠷ ᠪᠡᠶ᠎ᠡ ᠦᠷᠡᠭᠳᠡᠭᠰᠡᠨ ᠴᠡᠷᠢᠭ ᠤᠨ ᠭᠡᠷ ᠪᠦᠯᠢ᠂ ᠡᠪᠡᠳᠴᠢᠨ ᠢᠶᠠᠷ ᠨᠥᠭᠴᠢᠭᠰᠡᠨ ᠴᠡᠷᠢᠭ ᠤᠨ ᠭᠡᠷ ᠪᠦᠯᠢ ᠨᠡᠶᠢᠲᠡ 4083 ᠬᠥᠮᠥᠨ᠂ ᠬᠥᠳᠡᠭᠡ ᠪᠠᠶᠢᠭ᠎ᠠ ᠴᠡᠷᠢᠭ ᠠᠴᠠ ᠪᠠᠭᠤᠭᠰᠠᠨ ᠤᠯᠠᠭᠠᠨ ᠴᠡᠷᠢᠭ ᠤᠨ ᠠᠬᠠᠮᠠᠳ ᠪᠠᠶᠢᠯᠳᠤᠭᠴᠢ ᠪᠠ ᠤᠯᠠᠭᠠᠨ ᠴᠡᠷᠢᠭ ᠤᠨ ᠰᠠᠯᠵᠤ ᠪᠤᠲᠠᠷᠠᠭᠰᠠᠨ ᠬᠥᠮᠥᠰ ᠨᠡᠶᠢᠲᠡ 20 ᠬᠥᠮᠥᠨ᠂ ᠬᠡᠰᠡᠭ ᠳᠠᠶᠢᠨ ᠳᠤ  ᠣᠷᠣᠯᠴᠠᠭᠰᠠᠨ ᠪᠠ ᠴᠥᠮ᠎ᠡ ᠶᠢᠨ ᠲᠤᠷᠰᠢᠯᠲᠠ ᠳᠤ ᠣᠷᠣᠯᠴᠠᠭᠰᠠᠨ ᠴᠡᠷᠢᠭ ᠠᠴᠠ ᠪᠠᠭᠤᠭᠰᠠᠨ ᠬᠥᠮᠥᠰ ᠨᠡᠶᠢᠲᠡ 2023 ᠬᠥᠮᠥᠨ ᠪᠠᠶᠢᠨ᠎ᠠ᠃ ᠭᠤᠣᠯᠳᠠᠯᠭ᠎ᠠ ᠲᠠᠢ  ᠬᠠᠷᠠᠭᠠᠯᠵᠠᠯ ᠬᠦᠷᠲᠡᠭᠰᠡᠳ ᠠᠴᠠ ᠭᠠᠳᠠᠨ᠎ᠠ᠂ ᠪᠦᠬᠦ ᠣᠷᠣᠨ ᠳᠤ ᠣᠳᠣ ᠴᠡᠷᠢᠭ ᠠᠴᠠ ᠪᠠᠭᠤᠭᠰᠠᠳ ᠪᠠ ᠠᠯᠪᠠᠨ ᠴᠡᠷᠢᠭ ᠤᠨ ᠭᠡᠷ ᠪᠦᠯᠢ ᠨᠡᠶᠢᠲᠡ 16 ᠲᠦᠮᠡ  ᠣᠷᠴᠢᠮ ᠪᠠᠶᠢᠨ᠎ᠠ᠃   2. ᠭᠤᠣᠯᠳᠠᠯᠭ᠎ᠠ ᠲᠠᠢ ᠬᠠᠷᠠᠭᠠᠯᠵᠠᠯ ᠬᠦᠷᠲᠡᠭᠰᠡᠳ ᠲᠤ ᠣᠯᠭᠤᠬᠤ ᠠᠰᠠᠷᠠᠮᠵᠢ ᠲᠤᠰᠠᠯᠠᠮᠵᠢ ᠶᠢᠨ ᠪᠠᠷᠢᠮᠵᠢᠶ᠎ᠠ  ᠰᠢᠷᠬᠠᠲᠤᠵᠤ ᠵᠡᠮᠳᠡᠭᠷᠡᠭᠰᠡᠨ ᠬᠥᠮᠥᠰ ᠤᠨ ᠠᠰᠠᠷᠠᠮᠵᠢ ᠶᠢᠨ ᠮᠥᠩᠭᠦ᠂ ︽ᠭᠤᠷᠪᠠᠨ ᠭᠡᠷ ᠪᠦᠯᠢ︾ ᠶᠢᠨ ᠲᠣᠭᠲᠠᠭᠰᠠᠨ ᠬᠤᠭᠤᠴᠠᠭᠠᠨ ᠤ ᠠᠰᠠᠷᠠᠮᠵᠢ ᠶᠢᠨ ᠮᠥᠩᠭᠦ ᠵᠢᠴᠢ ︽ᠬᠤᠶᠠᠷ ᠤᠯᠠᠭᠠᠨ︾ ᠬᠥᠮᠥᠰ ᠤᠨ ᠠᠮᠢᠳᠤᠷᠠᠯ ᠤᠨ ᠲᠤᠰᠠᠯᠠᠮᠵᠢ ᠶᠢᠨ ᠪᠠᠷᠢᠮᠵᠢᠶ᠎ᠠ ᠶᠢ ᠤᠯᠤᠰ ᠠᠴᠠ ᠨᠢᠭᠡᠳᠦᠯᠲᠡᠢ ᠲᠣᠭᠲᠠᠭᠠᠬᠤ ᠪᠠ ᠲᠣᠬᠢᠷᠠᠭᠤᠯᠵᠤ ︵ᠣᠳᠣ ᠶᠢᠨ ᠬᠡᠷᠡᠭᠵᠢᠭᠦᠯᠵᠦ ᠪᠠᠶᠢᠭ᠎ᠠ ᠪᠠᠷᠢᠮᠵᠢᠶ᠎ᠠ ᠶᠢ ᠳᠠᠭᠠᠯᠲᠠ ᠬᠦᠰᠦᠨᠦᠭ ᠲᠤ ᠦᠵᠡᠭᠡᠷᠡᠢ︶᠂ ᠵᠠᠷᠤᠳᠠᠯ ᠢ ᠨᠢ ᠲᠥᠪ ᠤᠨ ᠡᠳ᠋ ᠤᠨ ᠵᠠᠰᠠᠭ ᠡᠭᠦᠷᠭᠡᠯᠡᠨ᠎ᠡ᠃  ᠡᠭᠦᠨ ᠠᠴᠠ ᠭᠠᠳᠠᠨ᠎ᠠ᠂ ᠲᠥᠪ ᠪᠠ ᠣᠷᠣᠨ ᠨᠤᠲᠤᠭ ᠤᠨ ᠡᠳ᠋ ᠤᠨ ᠵᠠᠰᠠᠭ ᠠᠴᠠ ᠳᠣᠣᠷ᠎ᠠ ᠵᠢᠭᠰᠠᠭᠠᠭᠰᠠᠨ ᠬᠥᠮᠥᠰ ᠤᠨ ᠠᠮᠢᠳᠤᠷᠠᠯ ᠤᠨ ᠲᠤᠰᠠᠯᠠᠮᠵᠢ ᠶᠢᠨ ᠵᠠᠷᠤᠳᠠᠯ ᠢ ᠬᠠᠮᠲᠤ ᠪᠠᠷ ᠡᠭᠦᠷᠭᠡᠯᠡᠨ᠎ᠡ᠄ ᠬᠥᠳᠡᠭᠡ ᠪᠠᠶᠢᠭ᠎ᠠ ᠠᠬᠠᠮᠠᠳ ᠴᠡᠷᠢᠭ ᠠᠴᠠ ᠬᠠᠯᠠᠭᠳᠠᠭᠰᠠᠳ ᠤᠨ ᠠᠮᠢᠳᠤᠷᠠᠯ ᠤᠨ ᠲᠤᠰᠠᠯᠠᠮᠵᠢ ᠶᠢᠨ ᠪᠠᠷᠢᠮᠵᠢᠶ᠎ᠠ  ᠨᠢ ︵ ᠶᠠᠫᠤᠨ ᠢ ᠡᠰᠡᠷᠭᠦᠴᠡᠬᠦ ᠳᠠᠶᠢᠨ ᠤ ᠦᠶ᠎ᠡ ᠳᠤ ᠴᠡᠷᠢᠭ ᠲᠤ ᠣᠷᠣᠭᠰᠠᠳ ᠲᠤ ᠬᠥᠮᠥᠨ ᠪᠦᠷᠢ ᠰᠠᠷ᠎ᠠ ᠳᠠᠭᠠᠨ 463 ᠲᠥᠭᠦᠷᠢᠭ᠂ ᠴᠢᠯᠦᠭᠡᠯᠡᠬᠦ ᠳᠠᠶᠢᠨ ᠪᠠ  ᠠᠮᠧᠷᠢᠺᠠ ᠶᠢ ᠡᠰᠡᠷᠭᠦᠴᠡᠵᠦ ᠰᠣᠯᠣᠩᠭᠤᠰ ᠢ ᠲᠤᠰᠠᠯᠠᠬᠤ ᠦᠶ᠎ᠡ ᠴᠡᠷᠢᠭ ᠲᠤ ᠣᠷᠣᠭᠰᠠᠳ ᠲᠤ ᠬᠥᠮᠥᠨ ᠪᠦᠷᠢ ᠰᠠᠷ᠎ᠠ ᠳᠠᠭᠠᠨ 422 ᠲᠥᠭᠦᠷᠢᠭ︶︔ ᠡᠪᠡᠳᠴᠢᠨ ᠲᠠᠢ ᠪᠠᠷ ᠬᠥᠳᠡᠭᠡ ᠳᠡᠭᠡᠨ ᠪᠤᠴᠠᠭᠰᠠᠨ ᠴᠡᠷᠢᠭ ᠠᠴᠠ ᠪᠠᠭᠤᠭᠰᠠᠳ ᠤᠨ ᠰᠠᠷ᠎ᠠ ᠪᠦᠷᠢ ᠶᠢᠨ ᠲᠤᠰᠠᠯᠠᠮᠵᠢ ᠶᠢᠨ ᠪᠠᠷᠢᠮᠵᠢᠶ᠎ᠠ ᠨᠢ 160 ᠲᠥᠭᠦᠷᠢᠭ︔ ᠬᠥᠳᠡᠭᠡ ᠪᠠᠶᠢᠭ᠎ᠠ ᠪᠠ ᠬᠤᠲᠠ ᠪᠠᠯᠭᠠᠰᠤᠨ ᠳᠤ ᠠᠵᠢᠯᠯᠠᠬᠤ ᠨᠢᠭᠡᠴᠡ ᠦᠭᠡᠢ ᠮᠥᠷᠲᠡᠭᠡᠨ ᠭᠡᠷ ᠤᠨ ᠠᠮᠢᠳᠤᠷᠠᠯ ᠨᠢ ᠬᠦᠴᠢᠷᠳᠡᠯᠲᠡᠢ ᠳᠠᠶᠢᠨ ᠳᠤ ᠣᠷᠣᠯᠴᠠᠭᠰᠠᠨ ᠴᠡᠷᠢᠭ ᠠᠴᠠ  ᠪᠠᠭᠤᠭᠰᠠᠳ ᠲᠤ ᠬᠥᠮᠥᠨ ᠪᠦᠷᠢ ᠰᠠᠷ᠎ᠠ ᠳᠠᠭᠠᠨ 130 ᠲᠥᠭᠦᠷᠢᠭ︔ ᠵᠡᠮᠳᠡᠭ ᠢᠶᠠᠷ ᠲᠣᠭᠲᠠᠭᠠᠬᠤ ᠪᠠ ᠡᠪᠡᠳᠴᠢᠨ ᠲᠠᠢ ᠪᠠᠷ ᠬᠥᠳᠡᠭᠡ ᠳᠡᠭᠡᠨ ᠪᠤᠴᠠᠭᠰᠠᠨ  ᠴᠡᠷᠢᠭ ᠠᠴᠠ ᠪᠠᠭᠤᠭᠰᠠᠳ ᠤᠨ ᠠᠮᠢᠳᠤᠷᠠᠯ ᠤᠨ ᠲᠤᠰᠠᠯᠠᠮᠵᠢ ᠶᠢ ᠬᠦᠷᠲᠡᠬᠦ ᠨᠥᠬᠦᠴᠡᠯ ᠳᠤ ᠥᠯᠥ ᠨᠡᠶᠢᠴᠡᠬᠦ᠂ ᠭᠡᠪᠡᠴᠦ ᠡᠪᠡᠳᠴᠢᠨ ᠲᠠᠢ ᠪᠤᠶᠤ ᠠᠮᠢᠳᠤᠷᠠᠯ ᠨᠢ  ᠬᠦᠴᠢᠷᠳᠡᠯᠲᠡᠢ ᠬᠥᠳᠡᠭᠡ ᠲᠤᠰᠬᠤᠨ ᠪᠠ ᠬᠤᠲᠠ ᠪᠠᠯᠭᠠᠰᠤᠨ ᠳᠤ ᠠᠵᠢᠯᠯᠠᠬᠤ ᠨᠢᠭᠡᠴᠡ ᠦᠭᠡᠢ ᠴᠥᠮ᠎ᠡ ᠶᠢᠨ ᠲᠤᠷᠰᠢᠯᠲᠠ ᠳᠤ ᠣᠷᠣᠯᠴᠠᠭᠰᠠᠨ ᠴᠡᠷᠢᠭ ᠠᠴᠠ  ᠪᠠᠭᠤᠭᠰᠠᠳ ᠲᠤ ᠬᠥᠮᠥᠨ ᠪᠦᠷᠢ ᠰᠠᠷ᠎ᠠ ᠳᠠᠭᠠᠨ 130 ᠲᠥᠭᠦᠷᠢᠭ ᠲᠤᠰᠠᠯᠠᠨ᠎ᠠ᠃     ᠳᠡᠭᠡᠷ᠎ᠡ ᠳᠤᠷᠠᠳᠤᠭᠰᠠᠨ ᠠᠰᠠᠷᠠᠮᠵᠢ ᠲᠤᠰᠠᠯᠠᠮᠵᠢ ᠶᠢ ᠬᠦᠷᠲᠡᠬᠦ ᠰᠠᠭᠤᠷᠢᠨ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠤᠨ ︽ᠭᠤᠣᠯᠳᠠᠯᠭ᠎ᠠ ᠲᠠᠢ ᠬᠠᠷᠠᠭᠠᠯᠵᠠᠯ ᠬᠦᠷᠲᠡᠭᠰᠡᠳ ᠤᠨ ᠠᠰᠠᠷᠠᠮᠵᠢ ᠲᠤᠰᠠᠯᠠᠮᠵᠢ ᠶᠢᠨ ᠪᠠᠷᠢᠮᠵᠢᠶ᠎ᠠ ᠶᠢ ᠠᠶᠠᠨᠳᠠᠭᠠᠨ ᠦᠰᠭᠡᠬᠦ ᠳᠦᠷᠢᠮ ᠢ ᠪᠠᠶᠢᠭᠤᠯᠬᠤ ᠲᠤᠬᠠᠢ ᠮᠡᠳᠡᠭᠳᠡᠯ︾ ︵ᠥᠪᠥᠷ ᠠᠷᠠᠳ ᠶᠠᠪᠤᠳᠠᠯ ᠬᠠᠷᠠᠭᠠᠯᠵᠠᠯ ︹2004︺ 178 ᠲᠣᠭᠠᠲᠤ︶ ᠤᠨ ᠵᠣᠷᠢᠭ ᠰᠠᠨᠠᠭ᠎ᠠ ᠶᠢ  ᠦᠨᠳᠦᠰᠦᠯᠡᠵᠦ᠂ 2005 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ᠂ ᠬᠥᠳᠡᠭᠡ ᠪᠠᠶᠢᠭ᠎ᠠ ᠰᠢᠷᠬ᠎ᠠ ᠲᠠᠢ ᠪᠠ ᠵᠡᠮᠳᠡᠭ ᠬᠤᠪᠢᠰᠬᠠᠯᠲᠤ ᠴᠡᠷᠢᠭ ︵ ᠰᠢᠷᠬᠠᠲᠤᠵᠤ ᠵᠡᠮᠳᠡᠭᠷᠡᠭᠰᠡᠨ ᠡᠷᠦᠬᠡ ᠶᠢᠨ ᠴᠡᠷᠢᠭ ᠬᠥᠯᠥᠰᠦᠨ ᠠᠵᠢᠯᠴᠢᠨ ᠪᠠᠭᠲᠠᠨ᠎ᠠ︶᠂ ᠬᠤᠲᠠ ᠬᠥᠳᠡᠭᠡ ᠶᠢᠨ ᠨᠥᠭᠴᠢᠭᠰᠡᠨ ᠪᠠᠭᠠᠲᠤᠷᠴᠤᠳ ᠤᠨ ᠭᠡᠷ ᠪᠦᠯᠢ᠂  ᠠᠯᠪᠠᠨ ᠶᠠᠪᠤᠳᠠᠯ ᠢᠶᠠᠷ ᠪᠡᠶ᠎ᠡ ᠦᠷᠡᠭᠳᠡᠭᠰᠡᠨ ᠪᠠ ᠡᠪᠡᠳᠴᠢᠨ ᠢᠶᠠᠷ ᠨᠥᠭᠴᠢᠭᠰᠡᠨ ᠴᠡᠷᠢᠭ ᠤᠨ ᠭᠡᠷ ᠪᠦᠯᠢ᠂ ᠬᠥᠳᠡᠭᠡ ᠳᠡᠭᠡᠨ ᠪᠠᠶᠢᠭ᠎ᠠ ᠴᠡᠷᠢᠭ ᠠᠴᠠ ᠪᠠᠭᠤᠭᠰᠠᠨ  ᠤᠯᠠᠭᠠᠨ ᠴᠡᠷᠢᠭ ᠤᠨ ᠠᠬᠠᠮᠠᠳ ᠪᠠᠶᠢᠯᠳᠤᠭᠴᠢ᠂ ᠤᠯᠠᠭᠠᠨ ᠴᠡᠷᠢᠭ ᠤᠨ ᠰᠠᠯᠵᠤ ᠪᠤᠲᠠᠷᠠᠭᠰᠠᠨ ᠬᠥᠮᠥᠰ᠂ ᠬᠥᠳᠡᠭᠡ ᠪᠠᠨ ᠪᠠᠶᠢᠭ᠎ᠠ ᠠᠬᠠᠮᠠᠳ ᠴᠡᠷᠢᠭ ᠠᠴᠠ  ᠬᠠᠯᠠᠭᠳᠠᠭᠰᠠᠳ᠂ ᠡᠪᠡᠳᠴᠢᠨ ᠲᠠᠢ ᠪᠠᠷ ᠬᠥᠳᠡᠭᠡ ᠳᠡᠭᠡᠨ ᠪᠤᠴᠠᠭᠰᠠᠨ ᠴᠡᠷᠢᠭ ᠠᠴᠠ ᠪᠠᠭᠤᠭᠰᠠᠳ ᠲᠤ ᠠᠰᠠᠷᠠᠮᠵᠢ ᠲᠤᠰᠠᠯᠠᠮᠵᠢ ᠶᠢᠨ ᠪᠠᠷᠢᠮᠵᠢᠶ᠎ᠠ ᠶᠢ ᠠᠶᠠᠨᠳᠠᠭᠠᠨ  ᠦᠰᠭᠡᠬᠦ ᠳᠦᠷᠢᠮ ᠢ ᠪᠠᠶᠢᠭᠤᠯᠤᠨ᠎ᠠ᠃    ᠠᠰᠠᠷᠠᠮᠵᠢ ᠲᠤᠰᠠᠯᠠᠮᠵᠢ ᠶᠢᠨ ᠪᠠᠷᠢᠮᠵᠢᠶ᠎ᠠ ᠶᠢ ᠠᠶᠠᠨᠳᠠᠭᠠᠨ ᠦᠰᠭᠡᠬᠦ ᠬᠠᠷᠢᠴᠠᠯ ᠢ ᠳᠣᠣᠷᠠᠬᠢ ᠠᠷᠭ᠎ᠠ ᠪᠠᠷ ᠲᠣᠭᠲᠠᠭᠠᠨ᠎ᠠ᠄     ᠬᠥᠳᠡᠭᠡ ᠪᠠᠶᠢᠭ᠎ᠠ ᠠᠰᠠᠷᠠᠮᠵᠢ ᠲᠤᠰᠠᠯᠠᠮᠵᠢ ᠶᠢᠨ ᠬᠠᠷᠠᠭᠠᠯᠵᠠᠯ ᠬᠦᠷᠲᠡᠭᠰᠡᠳ ᠲᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠲᠤᠰᠠᠯᠠᠮᠵᠢ ᠶᠢᠨ  ᠪᠠᠷᠢᠮᠵᠢᠶ᠎ᠠ ᠶᠢ ᠦᠨᠳᠦᠰᠦᠯᠡᠨ᠂ ᠵᠠᠷᠴᠢᠮ ᠳᠡᠭᠡᠷ᠎ᠡ ᠪᠠᠨ ᠵᠢᠯ ᠪᠦᠷᠢ ᠡᠯ᠎ᠡ ᠠᠶᠢᠮᠠᠭ ᠬᠤᠲᠠ ᠶᠢᠨ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠤᠨ ᠨᠡᠶᠢᠲᠡᠯᠡᠭᠰᠡᠨ  ᠮᠠᠯᠴᠢᠳ ᠲᠠᠷᠢᠶᠠᠴᠢᠳ ᠤᠨ ᠬᠥᠮᠥᠨ ᠳᠤᠮᠳᠠᠴᠢ ᠶᠢᠨ ᠴᠡᠪᠡᠷ ᠣᠷᠣᠯᠭ᠎ᠠ ᠶᠢᠨ ᠨᠡᠮᠡᠭᠳᠡᠯ ᠤᠨ ᠬᠡᠮᠵᠢᠶ᠎ᠡ ︵ᠡᠮᠦᠨ᠎ᠡ ᠵᠢᠯ ᠲᠠᠢ ᠬᠠᠷᠢᠴᠠᠭᠤᠯᠤᠨ᠎ᠠ︶ ᠶᠢᠨ 50% ︵ ᠬᠥᠳᠡᠭᠡ ᠪᠠᠶᠢᠭ᠎ᠠ ᠠᠬᠠᠮᠠᠳ ᠴᠡᠷᠢᠭ ᠠᠴᠠ ᠬᠠᠯᠠᠭᠳᠠᠭᠰᠠᠳ ᠲᠤ ᠬᠠᠷᠢᠴᠠᠯ ᠢ ᠵᠣᠬᠢᠰᠲᠠᠢ ᠳᠡᠭᠡᠭᠰᠢᠯᠡᠭᠦᠯᠵᠦ ᠪᠣᠯᠣᠨ᠎ᠠ︶ ᠪᠠᠷ ᠥᠰᠬᠡᠨ᠎ᠡ︔ ᠬᠤᠲᠠ ᠪᠠᠯᠭᠠᠰᠤ ᠶᠢᠨ  ᠲᠣᠭᠲᠠᠭᠰᠠᠨ ᠬᠤᠭᠤᠴᠠᠭᠠᠨ ᠤ ᠠᠰᠠᠷᠠᠮᠵᠢ ᠬᠦᠷᠲᠡᠵᠦ ᠪᠠᠶᠢᠭ᠎ᠠ ︽ᠭᠤᠷᠪᠠᠨ ᠭᠡᠷ ᠪᠦᠯᠢ︾ ᠳᠤ᠂ ᠵᠢᠯ ᠪᠦᠷᠢ ᠡᠯ᠎ᠡ ᠠᠶᠢᠮᠠᠭ ᠬᠤᠲᠠ ᠶᠢᠨ ᠪᠦᠷᠢᠳᠬᠡᠯ ᠤᠨ ᠰᠠᠯᠠᠭ᠎ᠠ ᠮᠥᠴᠢᠷ ᠤᠨ ᠲᠤᠬᠠᠢ ᠶᠢᠨ ᠵᠢᠯ ᠤᠨ ᠨᠡᠶᠢᠲᠡᠯᠡᠭᠰᠡᠨ᠂ ᠳᠡᠭᠡᠷ᠎ᠡ ᠣᠨ ᠤ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠡᠵᠡᠨ ᠮᠡᠳᠡᠬᠦ ᠣᠷᠣᠯᠭ᠎ᠠ ᠶᠢᠨ ᠨᠡᠮᠡᠭᠳᠡᠯ ᠤᠨ 25% ᠪᠠᠷ ᠥᠰᠬᠡᠨ᠎ᠡ᠃ ᠳᠡᠭᠡᠷ᠎ᠡ ᠳᠤᠷᠠᠳᠤᠭᠰᠠᠨ ᠬᠥᠮᠥᠰ ᠤᠨ ᠳᠣᠲᠣᠷᠠᠬᠢ ᠥᠨᠥᠴᠢᠨ ᠬᠡᠦᠬᠡᠳ᠂ ᠲᠦᠰᠢᠭ ᠲᠤᠯᠭᠠᠭᠤᠷᠢ ᠦᠭᠡᠢ ᠨᠠᠰᠤᠲᠠᠨ ᠤ ᠥᠰᠦᠯᠲᠡ ᠶᠢᠨ ᠬᠠᠷᠢᠴᠠᠯ ᠢ ᠲᠤᠰ ᠪᠠᠷᠢᠮᠵᠢᠶ᠎ᠠ ᠠᠴᠠ ᠪᠠᠭᠠᠬᠠᠨ ᠥᠨᠳᠥᠷ ᠪᠠᠶᠢᠯᠭᠠᠵᠤ ᠪᠣᠯᠣᠨ᠎ᠠ᠃   
ᠢᠷᠡᠯᠲᠡ᠄ ᠥᠪᠥᠷ ᠮᠤᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ