ᠭᠠᠮᠰᠢᠭ ᠠᠴᠠ ᠠᠪᠤᠷᠠᠬᠤ
ᠨᠡᠶᠢᠲᠡᠯᠡᠭᠰᠡᠨ ᠴᠠᠭ᠄
2022/8/30
 ᠭᠤᠣᠯ ᠠᠵᠢᠯ ᠤᠨ ᠬᠠᠷᠢᠭᠤᠴᠠᠯᠭ᠎ᠠ ᠪᠠ ᠡᠭᠦᠷᠭᠡ      ᠤᠯᠤᠰ ᠤᠨ ᠭᠠᠮᠰᠢᠭ ᠠᠴᠠ ᠠᠪᠤᠷᠠᠬᠤ ᠪᠠ ᠨᠡᠶᠢᠭᠡᠮ ᠠᠴᠠ ᠳᠡᠳᠬᠦᠬᠦ ᠴᠢᠭᠯᠡᠯᠲᠡ ᠲᠦᠷᠥ ᠶᠢᠨ ᠪᠣᠳᠣᠯᠭ᠎ᠠ ᠶᠢ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠭᠠᠮᠰᠢᠭ ᠠᠴᠠ ᠠᠪᠤᠷᠠᠬᠤ ᠪᠠ ᠨᠡᠶᠢᠭᠡᠮ ᠠᠴᠠ ᠳᠡᠳᠬᠦᠬᠦ ᠠᠵᠢᠯ ᠤᠨ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ︔ ᠭᠠᠮᠰᠢᠭ ᠠᠴᠠ ᠠᠪᠤᠷᠠᠬᠤ ᠠᠵᠢᠯ ᠢ ᠵᠣᠬᠢᠶᠠᠨ ᠪᠠᠶᠢᠭᠤᠯᠵᠤ᠂ ᠵᠣᠬᠢᠴᠠᠭᠤᠯᠵᠤ᠂ ᠭᠠᠮᠰᠢᠭᠳᠠᠭᠰᠠᠨ ᠣᠷᠣᠨ ᠢ ᠵᠢᠯᠣᠭᠤᠳᠤᠨ  ᠦᠢᠯᠡᠳᠪᠦᠷᠢᠯᠡᠯ ᠢᠶᠠᠷ ᠥᠪᠡᠷ ᠢ ᠪᠠᠨ ᠠᠪᠤᠷᠠᠬᠤ ᠠᠵᠢᠯ ᠢ ᠥᠷᠨᠢᠭᠦᠯᠦᠨ᠎ᠡ︔ ᠨᠢᠭᠡᠳᠦᠯᠲᠡᠢ ᠳᠡᠭᠡᠭᠰᠢ ᠮᠡᠳᠡᠭᠦᠯᠬᠦ ᠪᠠ ᠭᠠᠮᠰᠢᠭ ᠤᠨ ᠪᠠᠶᠢᠳᠠᠯ ᠢ ᠨᠡᠶᠢᠲᠡᠯᠡᠵᠦ᠂  ᠭᠠᠮᠰᠢᠭ ᠠᠴᠠ ᠠᠪᠤᠷᠠᠬᠤ ᠵᠣᠭᠤᠰ ᠮᠥᠩᠭᠦ ᠡᠳ᠋ ᠪᠣᠳᠠᠰ ᠢ ᠬᠠᠮᠢᠶᠠᠷᠴᠤ᠂ ᠬᠤᠪᠢᠶᠠᠷᠢᠯᠠᠬᠤ ᠶᠢᠨ ᠬᠠᠮᠲᠤ ᠬᠡᠷᠡᠭᠯᠡᠭᠰᠡᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠨ᠎ᠠ ︔ ᠭᠠᠮᠰᠢᠭ ᠤᠨ ᠪᠠᠶᠢᠳᠠᠯ ᠢ ᠬᠠᠷᠭᠤᠭᠤᠯᠤᠨ ᠪᠠᠶᠢᠴᠠᠭᠠᠬᠤ᠂ ᠭᠠᠮᠰᠢᠭᠳᠠᠭᠰᠠᠨ ᠠᠷᠠᠳ ᠢ ᠲᠣᠬᠤᠨᠢᠭᠤᠯᠬᠤ ᠶᠢ ᠵᠣᠬᠢᠶᠠᠨ ᠪᠠᠶᠢᠭᠤᠯᠤᠨ᠎ᠠ︔ ᠭᠠᠮᠰᠢᠭ ᠠᠴᠠ ᠠᠪᠤᠷᠠᠬᠤ ᠳᠤ ᠵᠣᠭᠤᠰ ᠮᠥᠩᠭᠦ ᠡᠳ᠋ ᠪᠣᠳᠠᠰ ᠲᠤᠰᠠᠯᠠᠵᠤ ᠳᠡᠮᠵᠢᠬᠦ ᠠᠵᠢᠯᠯᠠᠭ᠎ᠠ ᠶᠢ ᠵᠣᠬᠢᠶᠠᠨ ᠪᠠᠶᠢᠭᠤᠯᠬᠤ ᠪᠠ ᠵᠢᠯᠤᠭᠤᠳᠴᠤ᠂ ᠲᠤᠰᠠᠯᠠᠵᠤ ᠳᠡᠮᠵᠢᠭᠰᠡᠨ ᠵᠣᠭᠤᠰ  ᠮᠥᠩᠭᠦ ᠡᠳ᠋ ᠪᠣᠳᠠᠰ ᠢ ᠭᠥᠯᠢᠶᠡᠨ ᠠᠪᠬᠤ ᠬᠤᠪᠢᠶᠠᠷᠢᠯᠠᠬᠤ ᠪᠠ ᠬᠠᠮᠢᠶᠠᠷᠤᠨ᠎ᠠ᠃         ᠭᠠᠮᠰᠢᠭ ᠠᠴᠠ ᠠᠪᠤᠷᠠᠬᠤ ᠠᠵᠢᠯ ᠤᠨ ᠴᠢᠭᠯᠡᠯᠲᠡ᠄ ᠵᠠᠰᠠᠭ ᠤᠨ ᠣᠷᠳᠣᠨ ᠢᠶᠠᠷ ᠤᠳᠤᠷᠢᠳᠤᠭᠤᠯᠬᠤ᠂ ᠳᠡᠰ ᠬᠤᠪᠢᠶᠠᠨ ᠬᠠᠮᠢᠶᠠᠷᠬᠤ᠂ ᠨᠡᠶᠢᠭᠡᠮ ᠢᠶᠠᠷ ᠢᠶᠠᠨ ᠬᠠᠷᠢᠯᠴᠠᠨ ᠲᠤᠰᠠᠯᠠᠯᠴᠠᠬᠤ᠂ ᠦᠢᠯᠡᠳᠪᠦᠷᠢᠯᠡᠯ ᠢᠶᠠᠷ ᠥᠪᠡᠷ ᠢ ᠪᠠᠨ ᠠᠪᠤᠷᠠᠬᠤ ᠴᠢᠭᠯᠡᠯᠲᠡ ᠶᠢ ᠬᠡᠷᠡᠭᠵᠢᠭᠦᠯᠦᠨ᠎ᠡ᠃   ᠭᠠᠮᠰᠢᠭᠳᠠᠭᠰᠠᠨ ᠠᠷᠠᠳ ᠢ ᠠᠪᠤᠷᠠᠨ ᠲᠤᠰᠠᠯᠠᠬᠤ       ᠪᠦᠬᠦ ᠣᠷᠣᠨ ᠤ ᠭᠠᠮᠰᠢᠭ ᠠᠴᠠ ᠪᠣᠯᠵᠤ ᠵᠢᠯ ᠲᠤᠷᠰᠢ ᠠᠪᠤᠷᠠᠨ ᠲᠤᠰᠠᠯᠠᠭᠰᠠᠨ ᠭᠠᠮᠰᠢᠭᠳᠠᠭᠰᠠᠨ ᠠᠷᠠᠳ ᠪᠠᠷᠤᠭ 300 ᠲᠦᠮᠡᠨ ᠬᠥᠮᠥᠨ ᠳᠤ ᠬᠦᠷᠴᠦ ᠪᠤᠢ᠃ 2009 ᠣᠨ ᠳᠤ᠂ ᠪᠦᠬᠦ ᠣᠷᠣᠨ ᠳᠤ 1057 ᠲᠦᠮᠡᠨ ᠬᠥᠮᠥᠨ ᠭᠠᠮᠰᠢᠭ ᠲᠤ ᠳᠠᠭᠠᠷᠢᠭᠳᠠᠵᠦ᠂ 2.92 ᠲᠦᠮᠡᠨ ᠬᠥᠮᠥᠨ ᠢ ᠪᠠᠴᠢᠮ ᠢᠶᠠᠷ ᠰᠢᠯᠵᠢᠭᠦᠯᠦᠨ ᠲᠥᠪᠬᠢᠨᠡᠭᠦᠯᠵᠦ᠂ ᠭᠠᠮᠰᠢᠭ ᠲᠤ 33 ᠬᠥᠮᠥᠨ ᠠᠳᠡᠪᠡ︔ 5757.4 ᠮᠢᠩᠭᠠᠨ ᠾᠧᠺᠲ᠋ᠠᠷ ᠲᠠᠷᠢᠮᠠᠯ ᠤᠨ ᠵᠦᠢᠯ ᠭᠠᠮᠰᠢᠭ ᠲᠤ ᠳᠠᠭᠠᠷᠢᠭᠳᠠᠵᠦ᠂ ᠭᠠᠮᠰᠢᠭᠳᠠᠭᠰᠠᠨ ᠲᠠᠯᠠᠪᠠᠢ ᠨᠢ 5029.15 ᠮᠢᠩᠭᠠᠨ ᠾᠧᠺᠲ᠋ᠠᠷ ᠲᠤ ᠬᠦᠷᠴᠦ᠂ ᠲᠤᠰᠤᠯ ᠬᠤᠷᠢᠶᠠᠯᠲᠠ ᠦᠭᠡᠢ ᠲᠠᠯᠠᠪᠠᠢ ᠨᠢ 1866 ᠮᠢᠩᠭᠠᠨ ᠾᠧᠺᠲ᠋ᠠᠷ ᠲᠤ ᠬᠦᠷᠪᠡ︔ ᠭᠠᠮᠰᠢᠭ ᠲᠤ 42000 ᠮᠢᠩᠭᠠᠨ ᠾᠧᠺᠲ᠋ᠠᠷ ᠬᠠᠳᠤᠯᠠᠩ ᠪᠡᠯᠴᠢᠭᠡᠷ ᠳᠠᠭᠠᠷᠢᠭᠳᠠᠵᠦ᠂ 96.9 ᠲᠦᠮᠡᠨ ᠮᠠᠯ ᠤᠨᠤᠭ᠎ᠠ ᠦᠬᠦᠪᠡ︔ ᠭᠠᠮᠰᠢᠭ ᠲᠤ 5547 ᠲᠠᠰᠤᠯᠭ᠎ᠠ ᠭᠡᠷ ᠪᠠᠶᠢᠰᠢᠩ ᠨᠤᠷᠠᠵᠤ᠂ 44432 ᠲᠠᠰᠤᠯᠭ᠎ᠠ ᠭᠡᠷ ᠪᠠᠶᠢᠰᠢᠩ ᠡᠪᠳᠡᠭᠳᠡᠵᠦ᠂ ᠨᠢᠭᠡ ᠪᠦᠯᠦᠭ ᠲᠠᠷᠢᠶᠠᠯᠠᠩ ᠮᠠᠯ ᠠᠵᠤ ᠠᠬᠤᠢ ᠶᠢᠨ ᠰᠠᠭᠤᠷᠢ ᠪᠡᠯᠡᠳᠬᠡᠮᠵᠢ ᠪᠠ ᠣᠯᠠᠨ ᠨᠡᠶᠢᠲᠡ ᠶᠢᠨ ᠪᠡᠯᠡᠳᠬᠡᠮᠵᠢ ᠴᠤ ᠬᠦᠨᠳᠦ ᠨᠣᠴᠢᠲᠠᠢ ᠡᠪᠳᠡᠯᠡᠭᠡ ᠳᠤ ᠤᠴᠠᠷᠠᠵᠤ᠂ ᠭᠠᠮᠰᠢᠭ ᠠᠴᠠ ᠪᠣᠯᠤᠭᠰᠠᠨ ᠠᠵᠤ ᠠᠬᠤᠢ ᠶᠢᠨ ᠰᠢᠭᠤᠳ ᠬᠤᠬᠢᠷᠠᠯ 256.56 ᠳ᠋ᠦᠩᠰᠢᠭᠤᠷ ᠲᠥᠭᠦᠷᠢᠭ ᠲᠤ ᠬᠦᠷᠴᠡᠢ᠂ ᠡᠭᠦᠨ ᠳᠤ ᠲᠠᠷᠢᠶᠠᠯᠠᠩ ᠮᠠᠯ ᠠᠵᠤ ᠠᠬᠤᠢ ᠶᠢᠨ ᠬᠤᠬᠢᠷᠠᠯ ᠨᠢ 205.38 ᠳ᠋ᠦᠩᠰᠢᠭᠤᠷ ᠲᠥᠭᠦᠷᠢᠭ ᠲᠤ ᠬᠦᠷᠪᠡ᠃ 2009 ᠣᠨ ᠳᠤ᠂ ᠪᠦᠬᠦ ᠵᠢᠯ ᠳᠤ 2.87 ᠳ᠋ᠦᠩᠰᠢᠭᠤᠷ ᠲᠥᠭᠦᠷᠢᠭ ᠤᠨ ᠭᠠᠮᠰᠢᠭ ᠠᠴᠠ ᠠᠪᠤᠷᠠᠬᠤ ᠵᠣᠭᠤᠰ ᠮᠥᠩᠭᠦ ᠪᠠᠭᠤᠯᠭᠠᠵᠤ᠂ 2 ᠲᠦᠮᠡ ᠭᠠᠷᠤᠢ ᠬᠥᠪᠥᠩ ᠬᠥᠨᠵᠢᠯᠡ ᠳᠡᠪᠢᠰᠬᠡᠷ ᠰᠢᠯᠵᠢᠭᠦᠯᠦᠨ ᠥᠭᠴᠦ᠂ 2.92 ᠲᠦᠮᠡᠨ ᠭᠠᠮᠰᠢᠭᠳᠠᠭᠰᠠᠨ ᠠᠷᠠᠳ ᠢ ᠲᠣᠬᠢᠲᠠᠢ ᠲᠥᠪᠬᠢᠨᠡᠭᠦᠯᠵᠦ᠂ 300 ᠭᠠᠷᠤᠢ ᠲᠦᠮᠡᠨ ᠭᠠᠮᠰᠢᠭᠳᠠᠭᠰᠠᠨ ᠠᠷᠠᠳ ᠢ ᠠᠮᠵᠢᠯᠲᠠ ᠲᠠᠢ ᠪᠠᠷ ᠠᠪᠤᠷᠠᠨ ᠲᠤᠰᠠᠯᠠᠪᠠ᠃    ᠨᠡᠶᠢᠭᠡᠮ ᠠᠴᠠ ᠵᠣᠭᠤᠰ ᠮᠥᠩᠭᠦ ᠡᠳ᠋ ᠪᠣᠳᠠᠰ ᠲᠤᠰᠠᠯᠠᠵᠤ ᠳᠡᠮᠵᠢᠭᠰᠡᠨ     2001 ᠣᠨ ᠳᠤ᠂ ᠥᠪᠡᠷᠲᠡᠭᠡᠨ ᠵᠠᠰᠠᠬᠤ ᠣᠷᠣᠨ ᠤ ᠭᠠᠮᠰᠢᠭ ᠠᠴᠠ ᠠᠪᠤᠷᠠᠬᠤ ᠳᠤ ᠲᠤᠰᠠᠯᠠᠵᠤ ᠳᠡᠮᠵᠢᠭᠰᠡᠨ ᠵᠣᠭᠤᠰ ᠮᠥᠩᠭᠦ ᠡᠳ᠋ ᠪᠣᠳᠠᠰ ᠢ ᠭᠥᠯᠢᠶᠡᠨ ᠠᠪᠬᠤ ᠠᠵᠢᠯ ᠤᠨ ᠦᠷᠳᠡᠭᠡ ᠪᠠᠶᠢᠭᠤᠯᠪᠠ᠃ ᠡᠳᠦᠭᠡ ᠪᠣᠯᠳᠠᠯ᠎ᠠ᠂ ᠡᠯ᠎ᠡ ᠲᠦᠷᠦᠯ ᠤᠨ ᠲᠤᠰᠠᠯᠠᠵᠤ ᠳᠡᠮᠵᠢᠭᠰᠡᠨ ᠵᠣᠭᠤᠰ ᠢ ᠨᠡᠶᠢᠲᠡ 6500 ᠲᠦᠮᠡᠨ ᠲᠥᠭᠦᠷᠢᠭ ᠲᠤᠰᠤᠨ ᠠᠪᠤᠪᠠ᠃ 2009 ᠣᠨ ᠳᠤ 400 ᠲᠦᠮᠡᠨ ᠲᠥᠭᠦᠷᠢᠭ ᠤᠨ ᠲᠤᠰᠠᠯᠠᠵᠤ ᠳᠡᠮᠵᠢᠭᠰᠡᠨ ᠵᠣᠭᠤᠰ ᠢ ᠲᠤᠰᠤᠨ ᠠᠪᠤᠪᠠ᠃ ᠣᠳᠣᠬᠠᠨ ᠳᠤ᠂ ᠪᠦᠬᠦ ᠣᠷᠣᠨ ᠳᠤ  ᠨᠡᠶᠢᠲᠡ 528 ᠪᠠᠶᠢᠩᠭᠤ ᠶᠢᠨ ᠴᠢᠨᠠᠷᠲᠠᠢ ᠲᠤᠰᠠᠯᠠᠵᠤ ᠳᠡᠮᠵᠢᠬᠦ ᠦᠷᠳᠡᠭᠡ ᠴᠢᠭ᠋ ᠲᠠᠢ ᠪᠣᠯᠪᠠ᠃ ᠭᠠᠮᠰᠢᠭ ᠠᠴᠠ ᠠᠪᠤᠷᠠᠬᠤ ᠨᠥᠭᠡᠴᠡ ᠶᠢᠨ ᠬᠥᠮᠥᠷᠭᠡ ᠶᠢᠨ ᠪᠠᠶᠢᠭᠤᠯᠤᠯᠲᠠ    ᠪᠦᠬᠦ ᠣᠷᠣᠨ ᠳᠤ ᠭᠠᠮᠰᠢᠭ ᠠᠴᠠ ᠠᠪᠤᠷᠠᠬᠤ ᠨᠥᠭᠡᠴᠡ ᠶᠢᠨ ᠰᠠᠩ ᠬᠥᠮᠥᠷᠭᠡ ᠨᠡᠶᠢᠲᠡ 67 ᠪᠤᠢ᠂ ᠡᠭᠦᠨ ᠳᠤ᠂ ᠥᠪᠡᠷᠲᠡᠭᠡᠨ ᠵᠠᠰᠠᠬᠤ ᠣᠷᠣᠨ ᠤ ᠳᠡᠰ ᠤᠨ 1᠂ ᠠᠶᠢᠮᠠᠭ ᠬᠤᠲᠠ ᠶᠢᠨ ᠬᠢ 8᠂ ᠬᠤᠰᠢᠭᠤ ᠰᠢᠶᠠᠨ ᠤ ᠬᠢ 58 ᠪᠤᠢ︔ ᠲᠦᠷᠢᠶᠡᠰᠦᠯᠡᠭᠰᠡᠨ ᠨᠥᠭᠡᠴᠡ ᠶᠢᠨ ᠰᠠᠩ ᠬᠥᠮᠥᠷᠭᠡ 14 ᠪᠠᠶᠢᠵᠤ᠂ ᠡᠭᠦᠨ ᠳᠤ ᠠᠶᠢᠮᠠᠭ ᠬᠤᠲᠠ ᠳᠤ 2᠂ ᠬᠤᠰᠢᠭᠤ ᠰᠢᠶᠠᠨ ᠳᠤ 12 ᠪᠤᠢ᠃ ᠣᠳᠣᠬᠠᠨ ᠳᠤ ᠥᠪᠡᠷᠲᠡᠭᠡᠨ ᠵᠠᠰᠠᠬᠤ ᠣᠷᠣᠨ ᠤ ᠨᠥᠭᠡᠴᠡ ᠶᠢᠨ ᠰᠠᠩ ᠬᠥᠮᠥᠷᠭᠡ ᠳᠤ ᠭᠤᠣᠯᠳᠠᠭᠤ 5700 ᠰᠢᠬᠠᠮ ᠭᠠᠮᠰᠢᠭ ᠠᠴᠠ ᠠᠪᠤᠷᠠᠬᠤ ᠮᠠᠶᠢᠬᠠᠨ ︵ᠡᠭᠦᠨ ᠳᠤ 600 ᠳᠠᠩ ᠮᠠᠶᠢᠬᠠᠨ᠂ 5100 ᠬᠥᠪᠥᠩ ᠮᠠᠶᠢᠬᠠᠨ︶᠂ 6400 ᠭᠠᠮᠰᠢᠭ ᠠᠴᠠ ᠠᠪᠤᠷᠠᠬᠤ ᠬᠤᠪᠴᠠᠰᠤ ᠬᠥᠨᠵᠢᠯᠡ ᠬᠠᠳᠠᠭᠠᠯᠠᠵᠤ ᠪᠤᠢ᠃ ᠭᠠᠮᠰᠢᠭ ᠠᠴᠠ ᠠᠪᠤᠷᠠᠬᠤ ᠨᠥᠭᠡᠴᠡ ᠶᠢᠨ ᠡᠳ᠋ ᠪᠣᠳᠠᠰ ᠢ ᠰᠢᠯᠵᠢᠭᠦᠯᠦᠨ ᠵᠥᠭᠡᠭᠡᠬᠦ ᠶᠢ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠨᠢᠭᠡᠳᠦᠯᠲᠡᠢ ᠰᠢᠯᠵᠢᠭᠦᠯᠦᠨ ᠲᠣᠬᠢᠷᠠᠭᠤᠯᠤᠨ᠎ᠠ᠃ 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ