ᠭᠡᠷ ᠪᠠᠶᠢᠰᠢᠩ ᠲᠦᠷᠢᠶᠡᠰᠦᠯᠡᠭᠦᠯᠬᠦ ᠠᠮᠤᠷ ᠲᠦᠪᠰᠢᠨ ᠤ ᠵᠥᠪᠰᠢᠶᠡᠷᠡᠯ ᠤᠨ ᠦᠨᠡᠮᠯᠡᠯ ᠢ ᠭᠦᠢᠴᠡᠳᠬᠡᠬᠦ ᠳᠤ ᠠᠩᠬᠠᠷᠬᠤ ᠵᠦᠢᠯ
ᠨᠡᠶᠢᠲᠡᠯᠡᠭᠰᠡᠨ ᠴᠠᠭ᠄
2022/8/30
      ᠨᠢᠭᠡ᠂ ᠠᠷᠠᠳ ᠢᠷᠭᠡᠨ ᠭᠡᠷ ᠪᠠᠶᠢᠰᠢᠩ ᠤᠨ ᠲᠦᠷᠢᠶᠡᠰᠦᠯᠡᠭᠦᠯᠦᠭᠴᠢ ᠨᠢ ᠭᠡᠷ ᠪᠠᠶᠢᠰᠢᠩ ᠤᠨ ᠪᠠᠶᠢᠭ᠎ᠠ ᠡᠷᠬᠡ ᠶᠢᠨ ᠦᠨᠡᠮᠯᠡᠯ ᠪᠤᠶᠤ ᠬᠠᠤᠯᠢ ᠳᠤ ᠨᠡᠶᠢᠴᠡᠬᠦ ᠭᠡᠷᠡᠴᠢ᠂ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ᠂ ᠡᠷᠦᠬᠡ ᠠᠮᠠ ᠶᠢᠨ ᠳᠡᠪᠲᠡᠷ᠂ ᠲᠦᠷᠢᠶᠡᠰᠦᠯᠡᠭᠦᠯᠬᠦ ᠪᠠ ᠲᠦᠷᠢᠶᠡᠰᠦᠯᠡᠬᠦ ᠬᠤᠶᠠᠷ ᠲᠠᠯ᠎ᠠ ᠪᠠᠷ ᠢᠶᠠᠨ ᠲᠣᠭᠲᠠᠭᠰᠠᠨ ︽ ᠲᠦᠷᠢᠶᠡᠰᠦᠯᠡᠬᠦ ᠭᠡᠷ᠎ᠡ ᠶᠢᠨ ᠪᠢᠴᠢᠭ︾ ᠢᠶᠠᠨ ᠠᠪᠴᠤ︔ ᠨᠢᠭᠡᠴᠡ ᠶᠢᠨ ᠭᠡᠷ ᠪᠠᠶᠢᠰᠢᠩ ᠤᠨ ᠲᠦᠷᠢᠶᠡᠰᠦᠯᠡᠭᠦᠯᠦᠭᠴᠢ ᠪᠣᠯ ᠭᠡᠷ ᠪᠠᠶᠢᠰᠢᠩ ᠤᠨ ᠪᠠᠶᠢᠭ᠎ᠠ ᠡᠷᠬᠡ ᠶᠢᠨ ᠦᠨᠡᠮᠯᠡᠯ᠂ ᠨᠢᠭᠡᠴᠡ ᠶᠢᠨ ᠲᠠᠨᠢᠯᠴᠠᠭᠤᠯᠬᠤ ᠪᠢᠴᠢᠭ᠂ ᠲᠦᠷᠢᠶᠡᠰᠦᠯᠡᠭᠦᠯᠬᠦ ᠪᠠ ᠲᠦᠷᠢᠶᠡᠰᠦᠯᠡᠬᠦ ᠬᠤᠶᠠᠷ ᠲᠠᠯ᠎ᠠ ᠪᠠᠷ ᠢᠶᠠᠨ ᠲᠣᠭᠲᠠᠭᠰᠠᠨ ︽ᠲᠦᠷᠢᠶᠡᠰᠦᠯᠡᠬᠦ  ᠭᠡᠷ᠎ᠡ ᠶᠢᠨ ᠪᠢᠴᠢᠭ︾ ᠢᠶᠠᠨ ᠠᠪᠴᠤ᠂ ᠭᠡᠷ ᠪᠠᠶᠢᠰᠢᠩ ᠤᠨ ᠪᠠᠶᠢᠭ᠎ᠠ ᠭᠠᠵᠠᠷ ᠤᠨ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠳᠤ ᠬᠦᠷᠴᠦ ᠭᠤᠶᠤᠴᠢᠯᠠᠨ  ᠪᠦᠷᠢᠳᠬᠡᠭᠦᠯᠵᠦ᠂ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ︽ᠭᠡᠷ ᠲᠦᠷᠢᠶᠡᠰᠦᠯᠡᠨ ᠰᠠᠭᠤᠭᠴᠢ ᠶᠢ ᠪᠦᠷᠢᠳᠬᠡᠬᠦ ᠬᠦᠰᠦᠨᠦᠭᠲᠦ︾ ᠲᠠᠭᠯᠠᠭᠤᠯᠵᠤ᠂  ᠬᠢᠨᠠᠨ ᠬᠠᠷᠭᠤᠭᠤᠯᠬᠤ ᠪᠠᠷ ᠳᠠᠮᠵᠢᠭᠠᠳ ᠲᠦᠷᠢᠶᠡᠰᠦᠯᠡᠬᠦ ᠨᠥᠬᠦᠴᠡᠯ ᠳᠤ ᠨᠡᠶᠢᠴᠡᠵᠦ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠨᠢ  ᠲᠦᠷᠢᠶᠡᠰᠦᠯᠡᠭᠦᠯᠦᠭᠴᠢ ᠳᠤ ︽ᠭᠡᠷ ᠪᠠᠶᠢᠰᠢᠩ ᠲᠦᠷᠢᠶᠡᠰᠦᠯᠡᠬᠦ ᠠᠮᠤᠷ ᠲᠦᠪᠰᠢᠨ ᠤ ᠵᠥᠪᠰᠢᠶᠡᠷᠡᠯ ᠤᠨ ᠦᠨᠡᠮᠯᠡᠯ︾ ᠣᠯᠭᠤᠨ᠎ᠠ᠃       ᠬᠤᠶᠠᠷ᠂ ︽ᠭᠡᠷ ᠪᠠᠶᠢᠰᠢᠩ ᠲᠦᠷᠢᠶᠡᠰᠦᠯᠡᠬᠦ ᠠᠮᠤᠷ ᠲᠦᠪᠰᠢᠨ ᠤ ᠵᠥᠪᠰᠢᠶᠡᠷᠡᠯ ᠤᠨ ᠦᠨᠡᠮᠯᠡᠯ︾ ᠢ ᠵᠢᠯ ᠪᠦᠷᠢ ᠨᠢᠭᠡ ᠤᠳᠠᠭ᠎ᠠ ᠬᠢᠨᠠᠵᠤ᠂ ᠲᠦᠷᠢᠶᠡᠰᠦᠯᠡᠬᠦ ᠨᠥᠬᠦᠴᠡᠯ ᠳᠤ ᠨᠡᠶᠢᠴᠡᠵᠦ ᠪᠠᠶᠢᠪᠠᠯ᠂ ᠦᠷᠭᠦᠯᠵᠢᠯᠡᠨ ᠲᠦᠷᠢᠶᠡᠰᠦᠯᠡᠭᠦᠯᠬᠦ ᠶᠢ ᠵᠥᠪᠰᠢᠶᠡᠷᠡᠨ᠎ᠡ᠂ ᠲᠦᠷᠢᠶᠡᠰᠦᠯᠡᠬᠦ ᠨᠥᠬᠦᠴᠡᠯ ᠳᠤ ᠨᠡᠶᠢᠴᠡᠬᠦ ᠦᠭᠡᠢ ᠪᠣᠯ ︽ ᠵᠥᠪᠰᠢᠶᠡᠷᠡᠯ ᠤᠨ ᠦᠨᠡᠮᠯᠡᠯ︾ ᠢ ᠪᠤᠴᠠᠭᠠᠵᠤ ᠠᠪᠤᠨ᠎ᠠ᠃ ᠭᠤᠷᠪᠠᠨ ᠵᠢᠯ ᠤᠨ ᠣᠨ ᠤ ᠬᠢᠨᠠᠬᠤ ᠳᠠᠭᠤᠰᠤᠭᠰᠠᠨ ᠤ ᠳᠠᠷᠠᠭ᠎ᠠ᠂ ︽ᠭᠡᠷ ᠪᠠᠶᠢᠰᠢᠩ ᠲᠦᠷᠢᠶᠡᠰᠦᠯᠡᠬᠦ  ᠠᠮᠤᠷ ᠲᠦᠪᠰᠢᠨ ᠤ ᠵᠥᠪᠰᠢᠶᠡᠷᠡᠯ ᠤᠨ ᠦᠨᠡᠮᠯᠡᠯ︾ ᠢ ᠳᠠᠬᠢᠨ ᠰᠣᠯᠢᠵᠤ ᠣᠯᠭᠤᠨ᠎ᠠ᠃ 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ