ᠵᠡᠮᠳᠡᠭᠴᠦᠳ ᠲᠤ ᠵᠣᠬᠢᠬᠤ ᠬᠠᠷᠢᠴᠠᠯ ᠢᠶᠠᠷ ᠠᠵᠢᠯ ᠣᠯᠭᠤᠬᠤ
ᠨᠡᠶᠢᠲᠡᠯᠡᠭᠰᠡᠨ ᠴᠠᠭ᠄
2022/8/30
     ᠵᠡᠮᠳᠡᠭᠴᠦᠳ ᠲᠤ ᠵᠣᠬᠢᠬᠤ ᠬᠠᠷᠢᠴᠠᠯ ᠢᠶᠠᠷ ᠠᠵᠢᠯ ᠣᠯᠭᠤᠬᠤ ᠭᠡᠳᠡᠭ ᠨᠢ ︽ᠪᠥᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠡᠮᠳᠡᠭᠴᠦᠳ ᠤᠨ  ᠪᠠᠲᠤᠯᠠᠭ᠎ᠠ ᠶᠢᠨ ᠬᠠᠤᠯᠢ︾ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠪᠠᠶᠢᠭᠤᠯᠭ᠎ᠠ᠂ ᠪᠥᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠵᠣᠬᠢᠶᠠᠨ  ᠪᠠᠶᠢᠭᠤᠯᠤᠯᠲᠠ᠂ ᠬᠤᠲᠠ ᠬᠥᠳᠡᠭᠡ ᠶᠢᠨ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠨᠤᠭᠤᠳ ᠵᠡᠮᠳᠡᠭᠴᠦᠳ ᠢ ᠵᠣᠬᠢᠬᠤ ᠬᠠᠷᠢᠴᠠᠯ ᠢᠶᠠᠷ ᠲᠣᠬᠢᠷᠠᠭᠤᠯᠤᠨ ᠠᠵᠢᠯ ᠣᠯᠭᠤᠬᠤ ᠶᠢᠨ ᠬᠠᠮᠲᠤ᠂ ᠲᠡᠭᠦᠨ ᠢᠶᠠᠷ ᠵᠣᠬᠢᠰᠲᠠᠢ ᠠᠵᠢᠯ ᠤᠨ ᠲᠦᠷᠦᠯ ᠪᠠ ᠠᠵᠢᠯ ᠤᠨ ᠪᠠᠶᠢᠷᠢ ᠰᠣᠩᠭᠤᠭᠤᠯᠬᠤ ᠶᠢ ᠵᠢᠭᠠᠵᠤ ᠪᠤᠢ᠃       ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠪᠣᠳᠠᠲᠤ ᠪᠠᠶᠢᠳᠠᠯ ᠢᠶᠠᠨ ᠦᠨᠳᠦᠰᠦᠯᠡᠨ ᠪᠣᠳᠠᠲᠠᠢ ᠬᠠᠷᠢᠴᠠᠯ ᠢ ᠲᠣᠭᠲᠠᠭᠠᠵᠤ ᠪᠣᠯᠣᠨ᠎ᠠ᠃  ᠬᠠᠷᠢᠴᠠᠯ ᠢᠶᠠᠷ ᠠᠵᠢᠯ ᠣᠯᠭᠤᠬᠤ ᠳᠤ ᠬᠤᠲᠠ ︵ᠰᠢᠭᠤᠳ ᠬᠠᠷᠢᠶ᠎ᠠ ᠬᠤᠲᠠ᠂ ᠮᠤᠵᠢ ᠶᠢᠨ ᠬᠠᠷᠢᠶ᠎ᠠ ᠬᠤᠲᠠ᠂ ᠰᠢᠶᠠᠨ ᠤ ᠱᠠᠲᠤᠨ ᠤ ᠬᠤᠲᠠ︶ ᠪᠠᠷ ᠦᠨᠳᠦᠰᠦᠨ ᠬᠡᠷᠡᠭᠵᠢᠭᠦᠯᠬᠦ ᠨᠢᠭᠡᠴᠡ ᠪᠣᠯᠭᠠᠨ᠂ ︽ᠪᠥᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠡᠮᠳᠡᠭᠴᠦᠳ ᠤᠨ ᠪᠠᠲᠤᠯᠠᠭ᠎ᠠ ᠶᠢᠨ ᠬᠠᠤᠯᠢ︾ ᠪᠣᠯᠣᠨ ᠮᠤᠵᠢ ᠶᠢᠨ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ︽ᠪᠠᠲᠤᠯᠠᠭ᠎ᠠ ᠶᠢᠨ ᠬᠠᠤᠯᠢ ᠶᠢ ᠬᠡᠷᠡᠭᠵᠢᠭᠦᠯᠬᠦ ᠠᠷᠭ᠎ᠠ︾ ᠪᠠᠷ ᠦᠨᠳᠦᠰᠦᠯᠡᠯ ᠪᠣᠯᠭᠠᠵᠤ᠂  ᠬᠤᠲᠠ ᠶᠢᠨ ᠵᠠᠰᠠᠭ ᠤᠨ ᠣᠷᠳᠣᠨ ᠤ ᠵᠠᠷᠯᠢᠭ ᠤᠨ ᠬᠡᠯᠪᠡᠷᠢ ᠪᠠᠷ ᠪᠦᠬᠦ ᠬᠤᠲᠠ ᠳᠤ ᠨᠢᠭᠡᠳᠦᠯᠲᠡᠢ ᠬᠡᠷᠡᠭᠵᠢᠭᠦᠯᠬᠦ ᠬᠡᠷᠡᠭᠲᠡᠢ᠃ ᠨᠢᠭᠡ ᠬᠤᠲᠠ ᠳᠤ ᠠᠳᠠᠯᠢ ᠪᠤᠰᠤ ᠶᠢᠨ  ᠲᠦᠷᠥ ᠶᠢᠨ ᠪᠣᠳᠣᠯᠭ᠎ᠠ ᠪᠠ ᠬᠡᠷᠡᠭᠵᠢᠭᠦᠯᠬᠦ ᠠᠷᠭ᠎ᠠ ᠪᠠᠶᠢᠬᠤ ᠨᠢ ᠲᠣᠬᠢᠷᠠᠮᠵᠢ ᠦᠭᠡᠢ᠃ ᠨᠢᠭᠡ ᠭᠠᠵᠠᠷ ᠣᠷᠣᠨ ᠤ ᠬᠠᠷᠢᠶ᠎ᠠ ᠪᠦᠬᠦᠢ ᠡᠯ᠎ᠡ ᠰᠢᠶᠠᠨ ᠨᠦᠭᠦᠳ  ᠬᠠᠷᠢᠴᠠᠯ ᠢᠶᠠᠷ ᠠᠵᠢᠯ ᠣᠯᠭᠤᠬᠤ ᠠᠵᠢᠯ ᠥᠷᠨᠢᠭᠦᠯᠬᠦ ᠳᠤ᠂ ᠵᠠᠷᠴᠢᠮ ᠳᠡᠭᠡᠷ᠎ᠡ ᠪᠠᠨ ᠵᠠᠬᠢᠷᠭ᠎ᠠ ᠶᠢᠨ ᠨᠢᠭᠡᠳᠦᠯᠲᠡᠢ ᠪᠠᠶᠢᠷᠢᠯᠠᠭᠤᠯᠤᠯᠲᠠ ᠶᠢᠨ ᠳᠣᠣᠷ᠎ᠠ ᠶᠠᠪᠤᠭᠳᠠᠭᠤᠯᠬᠤ  ᠬᠡᠷᠡᠭᠲᠡᠢ᠂ ᠶᠡᠭᠡ ᠵᠥᠷᠢᠶ᠎ᠡ ᠲᠠᠢ ᠪᠠᠶᠢᠯᠭᠠᠵᠤ ᠪᠣᠯᠬᠤ ᠦᠭᠡᠢ᠃ ᠪᠠᠶᠢᠭᠤᠯᠭ᠎ᠠ᠂ ᠪᠥᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠵᠣᠬᠢᠶᠠᠨ ᠪᠠᠶᠢᠭᠤᠯᠤᠯᠲᠠ᠂ ᠬᠤᠲᠠ ᠬᠥᠳᠡᠭᠡ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠨᠤᠭᠤᠳ ᠲᠣᠰ ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶ ᠶᠢᠨ  ᠲᠣᠭᠲᠠᠭᠠᠭᠰᠠᠨ ᠬᠤᠯᠪᠣᠭᠳᠠᠯ ᠪᠦᠬᠦᠢ ᠬᠠᠤᠯᠢ ᠲᠣᠭᠲᠠᠭᠠᠯ ᠤᠨ ᠪᠣᠳᠠᠲᠠᠢ ᠬᠠᠷᠢᠴᠠᠯ ᠤᠨ ᠶᠣᠰᠣᠭᠠᠷ᠂ ᠵᠡᠮᠳᠡᠭᠴᠦᠳ ᠢ ᠲᠣᠬᠢᠷᠠᠭᠤᠯᠤᠨ ᠠᠵᠢᠯ ᠣᠯᠭᠤᠬᠤ ᠬᠡᠷᠡᠭᠲᠡᠢ︔  ᠬᠠᠷᠢᠴᠠᠯ ᠳᠤ ᠲᠦᠷ ᠬᠦᠷᠦᠭᠡᠳᠦᠢ ᠨᠢ ᠡᠳ᠋ ᠤᠨ ᠵᠠᠰᠠᠭ ᠤᠨ ᠶᠠᠮᠤᠨ ᠤ ᠨᠡᠶᠢᠲᠡᠯᠡᠭᠰᠡᠨ ︽ᠵᠡᠮᠳᠡᠭᠴᠦᠳ ᠲᠤ ᠠᠵᠢᠯ ᠣᠯᠭᠤᠬᠤ ᠪᠠᠲᠤᠯᠠᠭ᠎ᠠ ᠶᠢᠨ ᠮᠥᠩᠭᠦ ᠶᠢᠨ  ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠲᠣᠭᠲᠠᠭᠠᠯ︾ ᠤᠨ ᠶᠣᠰᠣᠭᠠᠷ ᠵᠡᠮᠳᠡᠭᠴᠦᠳ ᠲᠤ ᠠᠵᠢᠯ ᠣᠯᠭᠤᠬᠤ ᠪᠠᠲᠤᠯᠠᠭ᠎ᠠ ᠶᠢᠨ ᠮᠥᠩᠭᠦ ᠲᠤᠰᠢᠶᠠᠬᠤ ᠬᠡᠷᠡᠭᠲᠡᠢ᠃  ᠵᠡᠮᠳᠡᠭᠴᠦᠳ ᠢ ᠲᠣᠬᠢᠷᠠᠭᠤᠯᠤᠨ ᠠᠵᠢᠯ ᠣᠯᠭᠤᠭᠰᠠᠨ ᠨᠢ ᠲᠣᠭᠲᠠᠭᠠᠭᠰᠠᠨ ᠬᠠᠷᠢᠴᠠᠯ ᠢ ᠳᠠᠪᠠᠭᠰᠠᠨ ᠪᠤᠶᠤ ᠲᠣᠪᠣᠶᠢᠮ᠎ᠠ ᠠᠮᠵᠢᠯᠲᠠ ᠣᠯᠣᠭᠰᠠᠨ ᠨᠢᠭᠡᠴᠡ ᠶᠢ ᠤᠶᠤᠨ  ᠰᠠᠨᠠᠭ᠎ᠠ ᠪᠠ ᠪᠣᠳᠠᠰ ᠤᠨ ᠲᠠᠯ᠎ᠠ ᠪᠠᠷ ᠱᠠᠩᠨᠠᠵᠤ ᠬᠦᠬᠢᠭᠦᠯᠬᠦ ᠬᠡᠷᠡᠭᠲᠡᠢ︔ ᠬᠠᠷᠢᠴᠠᠯ ᠶᠣᠰᠣᠭᠠᠷ ᠵᠡᠮᠳᠡᠭᠴᠦᠳ ᠲᠤ ᠠᠵᠢᠯ ᠣᠯᠭᠤᠬᠤ ᠲᠣᠭᠲᠠᠭᠠᠯ ᠢ ᠬᠡᠷᠡᠭᠵᠢᠭᠦᠯᠬᠦ ᠶᠢ  ᠲᠡᠪᠴᠢᠭᠰᠡᠳ ᠢ ᠰᠢᠭᠦᠮᠵᠢᠯᠡᠵᠦ᠂ ᠬᠥᠮᠥᠵᠢᠭᠦᠯᠦᠨ᠂ ᠵᠠᠷᠯᠢᠭᠳᠠᠵᠤ ᠪᠠᠶᠢᠭᠠᠳ ᠵᠠᠯᠠᠷᠠᠭᠤᠯᠭ᠎ᠠ ᠬᠢᠯᠭᠡᠬᠦ ᠬᠡᠷᠡᠭᠲᠡᠢ᠃      ᠵᠡᠮᠳᠡᠭᠴᠦᠳ ᠲᠤ ᠠᠵᠢᠯ ᠣᠯᠭᠤᠬᠤ ᠪᠠᠲᠤᠯᠠᠭ᠎ᠠ ᠶᠢᠨ ᠮᠥᠩᠭᠦ  ︽ᠵᠡᠮᠳᠡᠭᠴᠦᠳ ᠲᠤ ᠠᠵᠢᠯ ᠣᠯᠭᠤᠬᠤ ᠪᠠᠲᠤᠯᠠᠭ᠎ᠠ ᠶᠢᠨ ᠮᠥᠩᠭᠦ︾ ᠭᠡᠳᠡᠭ ᠨᠢ ᠬᠠᠷᠢᠴᠠᠯ ᠶᠣᠰᠣᠭᠠᠷ ᠵᠡᠮᠳᠡᠭᠴᠦᠳ ᠢ ᠲᠠᠷᠠᠬᠠᠢ ᠲᠣᠬᠢᠷᠠᠭᠤᠯᠤᠨ ᠠᠵᠢᠯ  ᠣᠯᠭᠤᠬᠤ ᠶᠢ ᠬᠡᠷᠡᠭᠵᠢᠭᠦᠯᠵᠦ ᠪᠦᠬᠦᠢ ᠭᠠᠵᠠᠷ ᠣᠷᠣᠨ ᠳᠤ᠂ ᠵᠡᠮᠳᠡᠭᠴᠦᠳ ᠢ ᠲᠣᠬᠢᠷᠠᠭᠤᠯᠤᠭᠰᠠᠨ ᠨᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ  ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠬᠠᠷᠢᠴᠠᠯ ᠳᠤ ᠬᠦᠷᠬᠦ ᠦᠭᠡᠢ ᠪᠠᠶᠢᠭᠤᠯᠭ᠎ᠠ᠂ ᠪᠥᠯᠬᠦᠮ᠂ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠪᠣᠯᠣᠨ ᠬᠤᠲᠠ ᠬᠥᠳᠡᠭᠡ ᠶᠢᠨ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠪᠦᠬᠦᠨ᠂ ᠣᠷᠣᠨ ᠨᠤᠲᠤᠭ ᠤᠨ ᠬᠤᠯᠪᠣᠭᠳᠠᠯ ᠪᠦᠬᠦᠢ ᠬᠠᠤᠯᠢ ᠲᠣᠭᠲᠠᠭᠠᠯ ᠤᠨ ᠲᠣᠭᠲᠠᠭᠠᠯ ᠢ ᠦᠨᠳᠦᠰᠦᠯᠡᠨ᠂ ᠣᠨ ᠤ ᠵᠥᠷᠢᠶᠡᠲᠦ ᠬᠥᠮᠥᠨ ᠤ ᠲᠤᠭ᠎ᠠ ᠪᠠ ᠳᠡᠭᠡᠷ᠎ᠡ ᠵᠢᠯ ᠤᠨ ᠲᠣᠰ ᠭᠠᠵᠠᠷ ᠣᠷᠣᠨ ᠤ ᠠᠵᠢᠯᠲᠠᠨ ᠠᠵᠢᠯᠴᠢᠨ ᠤ ᠵᠢᠯ ᠤᠨ ᠳᠤᠮᠳᠠᠴᠢ ᠴᠠᠯᠢᠩ ᠤᠨ ᠶᠣᠰᠣᠭᠠᠷ ᠵᠡᠮᠳᠡᠭᠴᠦᠳ ᠲᠤ ᠠᠵᠢᠯ ᠣᠯᠭᠤᠬᠤ ᠳᠤ ᠬᠡᠷᠡᠭᠯᠡᠬᠦ ᠲᠤᠰᠬᠠᠢ ᠵᠦᠢᠯ ᠤᠨ ᠪᠡᠯᠡ ᠮᠥᠩᠭᠦ ᠪᠣᠳᠣᠵᠣ ᠲᠤᠰᠢᠶᠠᠬᠤ ᠶᠢ ᠵᠢᠭᠠᠵᠤ ᠪᠣᠢ᠃  ᠪᠥᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠳ᠋ ᠤᠨ ᠵᠠᠰᠠᠭ ᠤᠨ ᠶᠠᠮᠤᠨ 1995 ᠣᠨ ᠳᠤ᠂ ︽ᠵᠡᠮᠳᠡᠭᠴᠦᠳ ᠲᠤ ᠠᠵᠢᠯ ᠣᠯᠭᠤᠬᠤ ᠪᠠᠲᠤᠯᠠᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠲᠣᠭᠲᠠᠭᠠᠯ︾ ᠢ ᠲᠣᠭᠲᠠᠭᠠᠨ ᠨᠡᠶᠢᠲᠡᠯᠡᠵᠦ᠂ ︽ᠪᠠᠲᠤᠯᠠᠭ᠎ᠠ ᠶᠢᠨ ᠮᠥᠩᠭᠦ︾ ᠶᠢ ᠳᠣᠣᠷ᠎ᠠ ᠳᠤᠷᠠᠳᠤᠭᠰᠠᠨ ᠵᠠᠷᠤᠯᠭ᠎ᠠ ᠳᠤ ᠲᠤᠰᠬᠠᠢ ᠵᠦᠢᠯ ᠢᠶᠠᠷ ᠬᠡᠷᠡᠭᠯᠡᠬᠦ ᠶᠢ ᠲᠣᠳᠣᠷᠬᠠᠢ ᠳᠤᠷᠠᠳᠪᠠ᠄    ︵1︶ ᠵᠡᠮᠳᠡᠭᠴᠦᠳ ᠤᠨ ᠡᠷᠬᠢᠯᠡᠵᠦ ᠬᠢᠬᠦ ᠠᠵᠢᠯ ᠤᠨ ᠪᠣᠯᠪᠠᠰᠤᠷᠠᠭᠤᠯᠤᠯ ᠳᠤ ᠨᠥᠬᠦᠪᠦᠷᠢᠯᠡᠬᠦ ᠵᠠᠷᠤᠳᠠᠯ︔    ︵2︶ ᠵᠡᠮᠳᠡᠭᠴᠦᠳ ᠢ ᠬᠠᠷᠢᠴᠠᠯ ᠠᠴᠠ ᠳᠠᠪᠠᠭᠤᠯᠤᠨ ᠠᠵᠢᠯ ᠣᠯᠭᠤᠭᠰᠠᠨ ᠨᠢᠭᠡᠴᠡ ᠬᠢᠭᠡᠳ ᠵᠡᠮᠳᠡᠭᠴᠦᠳ ᠢ ᠲᠣᠬᠢᠷᠠᠭᠤᠯᠤᠨ ᠠᠵᠢᠯ ᠣᠯᠭᠤᠬᠤ ᠳᠤ  ᠮᠡᠳᠡᠭᠳᠡᠬᠦᠶᠢᠴᠡ ᠠᠮᠵᠢᠯᠲᠠ ᠭᠠᠷᠭᠠᠭᠰᠠᠨ ᠨᠢᠭᠡᠴᠡ ᠶᠢ ᠱᠠᠩᠨᠠᠨ ᠬᠦᠬᠢᠭᠦᠯᠬᠦ︔    ︵3︶ ᠵᠡᠮᠳᠡᠭᠴᠦᠳ ᠤᠨ ᠬᠠᠮᠲᠤ ᠨᠡᠶᠢᠲᠡ ᠪᠠᠷ ᠠᠵᠢᠯ ᠡᠷᠬᠢᠯᠡᠬᠦ᠂ ᠬᠤᠪᠢ ᠶᠢᠨ ᠡᠵᠡᠩᠨᠡᠯᠲᠡ ᠬᠢᠬᠦ ᠶᠢ ᠲᠥᠯᠥᠪᠦᠷᠢ ᠲᠠᠢ ᠲᠡᠳᠭᠦᠬᠦ︔      ︵4︶ ᠠᠳᠠᠯᠢ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠡᠳ᠂ ᠵᠡᠮᠳᠡᠭᠴᠦᠳ ᠤᠨ ᠬᠦᠳᠡᠯᠮᠦᠷᠢ ᠦᠢᠯᠡᠴᠢᠯᠡᠭᠡᠨ ᠤ  ᠪᠠᠶᠢᠭᠤᠯᠤᠮᠵᠢ ᠶᠢᠨ ᠵᠠᠷᠤᠳᠠᠯ ᠤᠨ ᠵᠠᠷᠤᠯᠭ᠎ᠠ ᠳᠤ ᠵᠣᠬᠢᠰᠲᠠᠢ ᠲᠤᠰᠠᠯᠠᠬᠤ︔   ︵5︶ ᠠᠳᠠᠯᠢ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠡᠳ᠂ ᠵᠡᠮᠳᠡᠭᠴᠦᠳ ᠲᠤ ᠠᠵᠢᠯ ᠣᠯᠭᠤᠬᠤ ᠠᠵᠢᠯ ᠤᠨ ᠪᠤᠰᠤᠳ ᠵᠠᠷᠤᠯᠭ᠎ᠠ ᠳᠤ ᠰᠢᠭᠤᠳ ᠬᠡᠷᠡᠭᠯᠡᠬᠦ︔ ︽ᠵᠡᠮᠳᠡᠭᠴᠦᠳ ᠲᠤ ᠠᠵᠢᠯ ᠣᠯᠭᠤᠬᠤ ᠪᠠᠲᠤᠯᠠᠭ᠎ᠠ ᠶᠢᠨ ᠮᠥᠩᠭᠦ︾ ᠶᠢ ᠡᠷᠬᠡᠪᠰᠢ ᠳᠡᠭᠡᠷ᠎ᠡ ᠳᠤᠷᠠᠳᠤᠭᠰᠠᠨ ᠲᠣᠭᠲᠠᠭᠠᠭᠰᠠᠨ ᠬᠡᠷᠡᠭᠴᠡᠭᠡ ᠶᠢᠨ ᠶᠣᠰᠣᠭᠠᠷ ᠬᠡᠷᠡᠭᠯᠡᠬᠦ ᠬᠡᠷᠡᠭᠲᠡᠢ᠂ ᠶᠠᠮᠠᠷᠪᠠ ᠰᠠᠯᠠᠭ᠎ᠠ ᠮᠥᠴᠢᠷ ᠭᠡᠳ ᠲᠡᠭᠰᠢ ᠪᠠᠷ ᠰᠢᠯᠵᠢᠭᠦᠯᠬᠦ ᠪᠤᠶᠤ ᠣᠨᠳᠣᠣ ᠵᠦᠢᠯ ᠳᠤ ᠨᠡᠭᠦᠯᠭᠡᠨ ᠬᠡᠷᠡᠭᠯᠡᠬᠦ ᠪᠣᠯᠬᠤ ᠦᠭᠡᠢ᠃   
ᠢᠷᠡᠯᠲᠡ᠄ ᠥᠪᠥᠷ ᠮᠤᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ