ᠰᠤᠷᠭᠠᠨ ᠬᠦᠮᠤᠵᠢᠯ ᠤᠨ ᠶᠠᠮᠤᠨ᠄ ᠤᠯᠤᠰ ᠤᠨ ᠨᠢᠭᠡᠳᠦᠯᠳᠠᠢ ᠰᠢᠯᠭᠠᠯᠳᠡ ᠳᠤ ᠬᠤᠪᠢ ᠨᠡᠮᠡᠬᠦ 5 ᠲᠦᠷᠦᠯ ᠵᠦᠢᠯ ᠢ ᠬᠦᠴᠦᠨ ᠦᠭᠡᠢ ᠪᠤᠯᠭᠠᠪᠠ
ᠨᠡᠶᠢᠲᠡᠯᠡᠭᠰᠡᠨ ᠴᠠᠭ᠄
2022/9/16
      ᠰᠤᠷᠭᠠᠨ ᠬᠦᠮᠤᠵᠢᠯ ᠤᠨ ᠶᠠᠮᠤᠨ ᠤ 15᠎ ᠤ ᠡᠳᠤᠷ ᠤᠨ ᠰᠤᠨᠢᠨ ᠮᠡᠳᠡᠭᠡ ᠨᠡᠶᠢᠳᠡᠯᠡᠬᠦ ᠬᠤᠷᠠᠯ ᠲᠡᠭᠡᠷ᠎ᠡ ᠬᠤᠯᠪᠤᠬᠳᠠᠯ ᠪᠦᠭᠦᠢ  ᠬᠠᠷᠢᠭᠤᠴᠯᠠᠭᠠᠳᠡᠨ ᠲᠠᠨᠢᠯᠴᠠᠭᠤᠯᠬᠤ ᠳᠠᠭᠠᠨ᠂ 2015 ᠤᠨ᠂ 2019 ᠤᠨ ᠳᠤ᠂  ᠰᠤᠷᠭᠠᠨ ᠬᠦᠮᠤᠵᠢᠯ ᠤᠨ ᠶᠠᠮᠤᠨ ᠬᠤᠯᠪᠤᠬᠳᠠᠯ  ᠪᠦᠭᠦᠢ ᠰᠠᠯᠠᠭ᠎ᠠ ᠮᠦᠴᠢᠷ ᠲᠠᠢ ᠬᠠᠮᠳᠤᠷᠠᠨ   ︽ᠲᠦᠪ ᠭᠤᠤᠯᠴᠢ ᠶᠢ ᠠᠬᠢᠭᠤᠯᠬᠤ᠂  ᠵᠢᠷᠤᠮᠵᠢᠭᠤᠨ ᠬᠠᠮᠢᠶᠠᠷᠬᠤ᠂  ᠰᠢᠨᠵᠢᠯᠡᠬᠦ ᠤᠬᠠᠭᠠᠨᠴᠢ  ᠪᠦᠭᠡᠳ ᠨᠠᠷᠢᠯᠢᠭ ᠤᠨᠤᠴᠢᠳᠠᠢ ᠪᠠᠶᠢᠬᠤ︾ ᠵᠠᠷᠴᠢᠮ ᠶᠤᠰᠤᠭᠠᠷ᠂  ᠤᠯᠤᠰ ᠤᠨ ᠨᠢᠭᠡᠳᠦᠯᠳᠠᠢ ᠰᠢᠯᠭᠠᠯᠳᠡ ᠳᠤ ᠬᠤᠪᠢ ᠨᠡᠮᠡᠬᠦ ᠠᠵᠢᠯ ᠢ  ᠤᠷᠢᠳ ᠬᠤᠵᠢᠳ ᠬᠤᠶᠠᠷ ᠤᠳᠠᠭ᠎ᠠ ᠴᠡᠭᠴᠡᠯᠡᠨ ᠵᠢᠷᠤᠮᠵᠢᠭᠤᠯᠵᠤ᠂  ᠪᠡᠶ᠎ᠡ ᠶᠢᠨ ᠲᠠᠮᠢᠷ ᠤᠨ ᠤᠨᠴᠨ ᠴᠢᠳᠠᠪᠤᠷᠢᠳᠠᠢ ᠰᠤᠷᠤᠬᠴᠢ᠂ ᠲᠤᠮᠳᠠᠳᠤ ᠰᠤᠷᠭᠠᠭᠤᠯᠢ ᠶᠢᠨ ᠰᠤᠷᠤᠬᠴᠢ ᠶᠢᠨ ᠤᠯᠢᠮᠫᠢᠺ ᠤᠨ ᠤᠷᠤᠯᠳᠤᠭᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠲᠦᠷᠦᠯ ᠎ ᠤᠨ  ᠤᠷᠤᠯᠳᠤᠭᠠᠨ᠂  ᠮᠤᠵᠢ ᠶᠢᠨ ᠱᠠᠳᠤᠨ ᠤ ᠰᠢᠯᠢᠳᠡᠭ ᠰᠤᠷᠤᠬᠴᠢ᠂  ᠦᠵᠡᠯ ᠰᠠᠨᠠᠭ᠎ᠠ ᠶᠤᠰᠤ ᠮᠤᠷᠠᠯ ᠤᠨ ᠲᠠᠯ᠎ᠠ ᠪᠠᠷ ᠲᠤᠪᠤᠶᠢᠮ᠎ᠠ ᠦᠢᠯᠨ  ᠠᠵᠢᠯᠯᠠᠭ᠎ᠠ ᠬᠢᠭᠰᠡᠨ ᠵᠡᠷᠭᠡ ᠲᠠᠪᠤᠨ ᠲᠦᠷᠦᠯ ᠤᠨ ᠪᠦᠬᠦ ᠤᠯᠤᠰ ᠤᠨ ᠴᠢᠨᠠᠷᠳᠠᠢ ᠤᠯᠤᠰ ᠤᠨ ᠰᠢᠯᠭᠠᠯᠳᠡ ᠳᠤ ᠬᠤᠪᠢ ᠨᠡᠮᠡᠬᠦ ᠲᠦᠷᠦᠯ ᠵᠦᠢᠯ ᠎ ᠢ ᠦᠭᠡᠶᠢᠰᠭᠡᠵᠤ᠂  ᠡᠯ᠎ᠡ ᠭᠠᠵᠠᠷ ᠤᠨ ᠤᠷᠤᠨ ᠨᠤᠳᠤᠭ ᠤᠨ ᠴᠢᠨᠠᠷᠳᠠᠢ ᠬᠤᠪᠢ ᠨᠡᠮᠡᠬᠦ ᠲᠦᠷᠦᠯ ᠵᠦᠢᠯ ᠢ ᠪᠠᠭᠠᠰᠬᠠᠬᠤ ᠶᠢ ᠵᠢᠯᠤᠭᠤᠳᠴᠤ᠂   ᠨᠡᠮᠡᠬᠦ ᠬᠤᠪᠢ ᠶᠢ ᠤᠯᠠᠮ ᠨᠢᠭᠡ ᠠᠯᠬᠤᠮ ᠪᠠᠭᠤᠷᠠᠭᠤᠯᠤᠨ᠎ᠠ ᠭᠡᠵᠠᠢ᠃  ᠤᠳᠤᠬᠠᠨ ᠳᠤ᠂  ᠪᠦᠬᠦ ᠤᠯᠤᠰ ᠤᠨ ᠴᠢᠨᠠᠷᠳᠠᠢ ᠤᠯᠤᠰ ᠤᠨ  ᠨᠢᠭᠡᠳᠦᠯᠳᠠᠢ ᠰᠢᠯᠭᠠᠯᠳᠡ ᠶᠢᠨ ᠬᠤᠪᠢ ᠨᠡᠮᠡᠬᠦ 5 ᠲᠦᠷᠦᠯ ᠵᠦᠢᠯ ᠢ ᠨᠢᠭᠡᠨᠳᠡ ᠬᠦᠴᠦᠨ ᠦᠭᠡᠢ ᠪᠤᠯᠭᠠᠵᠤ᠂  ᠤᠷᠤᠨ ᠨᠤᠳᠤᠭ ᠤᠨ ᠴᠢᠨᠠᠷᠳᠠᠢ  95 ᠲᠦᠷᠦᠯ ᠤᠨ ᠬᠤᠪᠢ ᠨᠡᠮᠡᠬᠦ ᠲᠦᠷᠦᠯ ᠵᠦᠢᠯ ᠢ ᠠᠯᠬᠤᠮ ᠠᠯᠬᠤᠮ ᠢᠶᠠᠷ ᠬᠦᠴᠦᠨ ᠦᠭᠡᠢ ᠪᠤᠯᠭᠠᠨ᠎ᠠ᠃  ᠬᠤᠯᠪᠤᠬᠳᠠᠯ ᠪᠦᠭᠦᠢ ᠰᠠᠯᠠᠭ᠎ᠠ  ᠮᠦᠴᠢᠷ ᠲᠠᠢ ᠬᠠᠮᠳᠤᠷᠠᠨ ᠴᠦᠭᠡᠨ ᠲᠤᠭᠠᠳᠤ ᠦᠨᠳᠤᠰᠤᠳᠡᠨ ᠤ ᠬᠤᠪᠢ ᠨᠡᠮᠡᠬᠦ ᠠᠵᠢᠯ ᠢ ᠨᠡᠩ ᠤᠨᠤᠪᠴᠢᠳᠠᠢ ᠪᠤᠯᠭᠠᠪᠠ᠃  ᠤᠯᠤᠰ ᠤᠨ  ᠰᠢᠯᠭᠠᠯᠳᠡ ᠳᠤ ᠬᠤᠪᠢ ᠨᠡᠮᠡᠬᠦ ᠶᠢ ᠴᠡᠭᠴᠡᠯᠡᠨ ᠵᠢᠷᠤᠮᠵᠢᠭᠤᠯᠬᠤ ᠪᠠᠷ ᠲᠠᠮᠵᠢᠭᠤᠯᠵᠤ᠂  ︽ᠶᠡᠭᠡ ᠪᠠᠷ ᠪᠠᠭᠠᠰᠬᠠᠬᠤ᠂  ᠴᠢᠩᠭ᠎ᠠ ᠬᠢᠵᠠᠭᠠᠷᠯᠠᠬᠤ︾ ᠬᠠᠷᠠᠯᠳᠡ ᠶᠢ ᠪᠡᠶᠡᠯᠡᠭᠦᠯᠤᠨ᠎ᠡ᠃        ᠰᠤᠷᠤᠬᠴᠢ ᠡᠯᠰᠡᠬᠦ ᠶᠢ ᠵᠢᠷᠤᠮᠵᠢᠭᠤᠯᠤᠨ ᠬᠠᠮᠢᠶᠠᠷᠤᠯᠳᠡ ᠪᠠᠨ ᠴᠢᠩᠭᠠᠳᠬᠠᠵᠤ ᠴᠢᠳᠠᠪᠤᠷᠢᠳᠡᠨ ᠢ ᠰᠢᠯᠢᠨ ᠰᠤᠩᠭᠤᠬᠤ ᠶᠠᠰᠤ ᠴᠢᠨᠠᠷ ᠢ  ᠲᠡᠭᠡᠭᠰᠢᠯᠡᠭᠦᠯᠤᠨ᠎ᠡ             ᠨᠠᠮ ᠤᠨ ᠠᠷᠪᠡᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂  ᠨᠠᠮ ᠤᠨ ᠲᠦᠪ ᠬᠤᠷᠢᠶᠠᠨ ᠤ ᠨᠠᠮ ᠢ ᠪᠦᠬᠦ ᠲᠠᠯ᠎ᠠ ᠪᠠᠷ ᠴᠢᠩᠭ᠎ᠠ  ᠵᠠᠰᠠᠬᠤ ᠪᠠᠶᠢᠷᠢᠯᠠᠭᠤᠯᠤᠯᠳᠡ ᠶᠤᠰᠤᠭᠠᠷ᠂  ᠰᠢᠯᠭᠠᠯᠳᠡ ᠪᠡ ᠰᠤᠷᠤᠬᠴᠢ ᠡᠯᠰᠡᠬᠦ ᠶᠢ ᠪᠦᠬᠦ ᠲᠠᠯ᠎ᠠ ᠪᠠᠷ ᠴᠢᠩᠭ᠎ᠠ ᠵᠠᠰᠠᠪᠠ᠃  ᠲᠦᠷᠢᠮ ᠤᠨ  ᠪᠠᠶᠢᠭᠤᠯᠤᠯᠳᠡ ᠶᠢ ᠴᠢᠩᠭᠠᠳᠬᠠᠵᠤ᠂   ︽ᠶᠡᠭᠡ ᠲᠡᠭᠡᠳᠤ ᠰᠤᠷᠭᠠᠭᠤᠯᠢ ᠶᠢᠨ ᠰᠤᠷᠤᠬᠴᠢ ᠡᠯᠰᠡᠬᠦ ᠳᠤ ᠲᠤᠬᠳᠠᠭᠠᠯ ᠠᠴᠠ ᠵᠦᠷᠢᠴᠡᠭᠰᠡᠨ  ᠦᠢᠯᠨ ᠠᠵᠢᠯᠯᠠᠭ᠎ᠠ ᠶᠢ ᠰᠢᠢᠳᠪᠤᠷᠢᠯᠡᠬᠦ ᠲᠦᠷ ᠬᠡᠷᠡᠭᠵᠢᠭᠦᠯᠬᠦ ᠠᠷᠭ᠎ᠠ ︾᠎ ᠶᠢ ᠲᠤᠭᠳᠠᠭᠠᠨ ᠨᠡᠶᠢᠳᠡᠯᠡᠵᠤ᠂  ︽30 ᠪᠤᠯᠬᠤ ᠦᠭᠡᠢ︾ ︽ ᠨᠠᠢᠮᠠᠨ ᠦᠨᠳᠤᠰᠤᠨ ᠱᠠᠭᠠᠷᠳᠠᠯᠭ᠎ᠠ ︾  ᠵᠡᠷᠭᠡ ᠠᠯᠢ ᠤᠯᠡᠨ ᠰᠤᠷᠤᠬᠴᠢ ᠡᠯᠰᠡᠬᠦ ᠶᠢ ᠴᠠᠭᠠᠵᠠᠯᠠᠬᠤ ᠵᠠᠷᠯᠢᠭ ᠢ ᠲᠤᠷᠠᠳᠤᠨ ᠭᠠᠷᠭᠠᠵᠤ  ᠬᠡᠷᠡᠭᠵᠢᠭᠦᠯᠪᠡ᠃  ᠮᠡᠳᠡᠭᠡ ᠵᠠᠩᠬᠢ ᠶᠢ ᠢᠯᠨ ᠪᠤᠯᠭᠠᠬᠤ ᠶᠢ ᠦᠷᠭᠦᠯᠵᠢᠯᠡᠨ ᠴᠢᠩᠭᠠᠳᠬᠠᠵᠤ᠂  ᠰᠤᠷᠤᠬᠴᠢ ᠡᠯᠰᠡᠬᠦ ᠮᠡᠳᠡᠭᠡ ᠵᠠᠩᠬᠢ ᠶᠢᠨ ︽ᠠᠷᠪᠡ ᠶᠢ ᠢᠯᠨ ᠪᠤᠯᠭᠠᠬᠤ︾᠎ ᠶᠢ ᠴᠢᠩᠭ᠎ᠠ ᠨᠠᠶᠢᠳᠠᠪᠤᠷᠢᠵᠢᠭᠤᠯᠬᠤ᠂  ᠶᠠᠮᠤᠨ᠂  ᠮᠤᠵᠢ᠂  ᠶᠡᠭᠡ ᠲᠡᠭᠡᠳᠤ ᠰᠤᠷᠭᠠᠭᠤᠯᠢ ᠪᠡ ᠲᠤᠮᠳᠠᠳᠤ  ᠰᠤᠷᠭᠠᠭᠤᠯᠢ ᠶᠢᠨ ᠲᠦᠷᠪᠡᠨ ᠱᠠᠳᠤᠨ ᠤ ᠮᠡᠳᠡᠭᠡ ᠵᠠᠩᠬᠢ ᠶᠢ ᠢᠯᠨ ᠪᠤᠯᠭᠠᠬᠤ ᠲᠦᠷᠢᠮ ᠢ ᠪᠠᠶᠢᠭᠤᠯᠤᠨ᠎ᠠ᠃  ᠲᠤᠳᠤᠭᠠᠳᠤ ᠶᠢ ᠬᠠᠮᠠᠭᠠᠯᠠᠬᠤ  ᠶᠠᠮᠤᠨ ᠵᠡᠷᠭᠡ ᠰᠠᠯᠠᠭ᠎ᠠ ᠮᠦᠴᠢᠷ ᠲᠠᠢ ᠬᠠᠮᠵᠢᠯᠴᠡᠨ ᠰᠢᠯᠭᠠᠯᠳᠡ ᠳᠤ ᠬᠤᠯᠪᠤᠬᠳᠠᠬᠰᠡᠨ ᠬᠠᠤᠯᠢ ᠶᠢ ᠵᠦᠷᠢᠴᠡᠭᠰᠡᠨ ᠶᠠᠯᠠᠳᠤ ᠠᠵᠢᠯᠯᠠᠭ᠎ᠠ ᠳᠤ  ᠴᠢᠩᠭ᠎ᠠ ᠴᠤᠬᠢᠯᠳᠡ ᠦᠭᠭᠦᠨ᠎ᠡ᠃  ᠶᠡᠭᠡ ᠲᠡᠭᠡᠳᠤ ᠰᠤᠷᠭᠠᠭᠤᠯᠢ ᠶᠢᠨ ᠤᠷᠠᠯᠢᠭ ᠤᠨ ᠲᠦᠷᠦᠯ ᠤᠨ ᠲᠤᠰᠬᠠᠢ ᠮᠡᠷᠭᠡᠵᠢᠯ ᠪᠤᠯᠤᠨ ᠦᠨᠳᠤᠷ  ᠬᠢᠷᠢ ᠲᠦᠪᠰᠢᠨ ᠪᠦᠭᠦᠢ ᠪᠡᠶ᠎ᠡ ᠎ ᠶᠢᠨ ᠲᠠᠮᠢᠷ ᠤᠨ ᠠᠩᠬᠢ ᠶᠢᠨ ᠰᠢᠯᠭᠠᠯᠳᠡ ᠪᠠᠷ ᠰᠤᠷᠤᠬᠴᠢ ᠡᠯᠰᠡᠬᠦ ᠦᠭᠡᠷᠡᠴᠢᠯᠡᠯᠳᠡ ᠶᠢ ᠢᠳᠡᠪᠬᠢᠳᠠᠢ ᠪᠠᠷ  ᠠᠬᠢᠭᠤᠯᠵᠤ᠂  ᠵᠢᠷᠤᠮᠵᠢᠬᠰᠡᠨ ᠬᠠᠮᠢᠶᠠᠷᠤᠯᠳᠡ ᠶᠢ ᠤᠯᠠᠮ ᠨᠢᠭᠡ ᠠᠯᠬᠤᠮ ᠴᠢᠩᠭᠠᠳᠬᠠᠨ᠂  ᠴᠢᠳᠠᠪᠤᠷᠢᠳᠡᠨ ᠰᠢᠯᠢᠨ ᠰᠤᠩᠭᠤᠬᠤ ᠶᠠᠰᠤ ᠴᠢᠨᠠᠷ ᠎ ᠢ ᠲᠡᠭᠡᠭᠰᠢᠯᠡᠭᠦᠯᠤᠨ᠎ᠡ᠃   
ᠢᠷᠡᠯᠲᠡ᠄ ᠤᠷᠳᠤᠰ ᠤᠨ ᠮᠤᠩᠭᠤᠯ ᠭᠡᠯᠡᠨ ᠤ ᠰᠤᠨᠢᠨ ᠮᠡᠳᠡᠭᠡᠨ ᠤ ᠰᠦᠯᠵᠢᠶ᠎ᠡ