ᠳᠠᠯᠠᠳ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠡᠨᠧᠷᠭᠢ ᠶᠢᠨ ᠰᠤᠷᠪᠤᠯᠵᠢ ᠶᠢᠨ ᠦᠢᠯᠡᠳᠪᠦᠷᠢᠯᠡᠯ ᠬᠡᠷᠡᠭᠯᠡᠭᠡ ᠵᠡᠷᠭᠡ ᠪᠠᠷ ᠨᠡᠮᠡᠭᠳᠡᠪᠡ
ᠨᠡᠶᠢᠲᠡᠯᠡᠭᠰᠡᠨ ᠴᠠᠭ᠄
2022/9/2
     ᠣᠳᠣᠬᠠᠨ ᠪᠣᠯᠲᠠᠯ᠎ᠠ᠂ ᠲᠠᠯᠠᠳ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠨᠡᠭᠦᠷᠡᠰᠦᠨ ᠤ ᠠᠵᠤ ᠠᠬᠤᠶᠢᠯᠠᠯ ᠤᠨ ᠨᠡᠭᠦᠷᠡᠰᠦᠨ ᠤ ᠭᠠᠷᠤᠯᠲᠠ 3167.1 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 32.9%᠎ ᠪᠠᠷ ᠨᠡᠮᠡᠭᠳᠡᠪᠡ᠃ ᠡᠭᠦᠨ ᠳᠤ᠂ 7 ᠳ᠋ᠣᠭᠠᠷ ᠰᠠᠷ᠎ᠠ ᠎ ᠶᠢᠨ ᠨᠡᠭᠦᠷᠡᠰᠦᠨ ᠤ ᠭᠠᠷᠤᠯᠲᠠ 339.2 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.3%᠎ ᠪᠠᠷ ᠨᠡᠮᠡᠭᠳᠡᠪᠡ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ  135.98 ᠳ᠋ᠦᠩᠰᠢᠭᠤᠷ ᠭᠷᠡᠳᠦ᠋ᠰ ᠤᠨ ᠴᠠᠬᠢᠯᠭᠠᠨ ᠭᠠᠷᠭᠠᠵᠤ᠂ ᠠᠳᠠᠯᠢ ᠬᠤᠭᠤᠴᠠᠭᠠᠨ ᠤ ᠬᠢ ᠠᠴᠠ 8.3%᠎ ᠪᠠᠷ ᠨᠡᠮᠡᠭᠳᠡᠨ᠂ ᠲᠣᠰ ᠰᠠᠷ᠎ᠠ ᠳᠤ 21.5 ᠳ᠋ᠦᠩᠰᠢᠭᠤᠷ ᠭᠷᠡᠳᠦ᠋ᠰ ᠤᠨ ᠴᠠᠬᠢᠯᠭᠠᠨ ᠭᠠᠷᠭᠠᠵᠡᠢ᠃ ᠡᠭᠦᠨ ᠳᠤ᠂ ᠨᠡᠷᠡᠨ ᠤ ᠡᠨᠧᠷᠭᠢ ᠪᠠᠷ 10.02 ᠳ᠋ᠦᠩᠰᠢᠭᠤᠷ ᠭᠷᠡᠳᠦ᠋ᠰ ᠴᠠᠬᠢᠯᠭᠠᠨ ᠭᠠᠷᠭᠠᠵᠤ᠂ ᠠᠳᠠᠯᠢ ᠬᠤᠭᠤᠴᠠᠭᠠᠨ ᠤ ᠬᠢ ᠠᠴᠠ 27.8%᠎ ᠪᠠᠷ ᠨᠡᠮᠡᠭᠳᠡᠨ᠂ ᠵᠠᠭᠤᠨ ᠤ ᠬᠤᠪᠢ ᠶᠢᠨ ᠬᠠᠷᠢᠴᠠᠯ ᠢᠶᠠᠷ 1.18 ᠳᠡᠭᠡᠭᠰᠢᠯᠡᠵᠡᠢ᠃ ᠨᠡᠶᠢᠳᠡ 1122.1 ᠲᠦᠮᠡᠨ GJ  ᠢᠯᠴᠢ ᠶᠢᠨ ᠬᠦᠴᠦᠨ ᠵᠠᠷᠤᠴᠠᠭᠤᠯᠵᠤ᠂ ᠠᠳᠠᠯᠢ ᠬᠤᠭᠤᠴᠠᠭᠠᠨ ᠤ ᠬᠢ ᠠᠴᠠ 17.8%᠎ ᠢᠶᠠᠷ ᠨᠡᠮᠡᠭᠳᠡᠵᠡᠢ᠃    ᠲᠠᠯᠠᠳ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ 1561.54 ᠲᠦᠮᠡᠨ ᠲᠣᠨ ᠨᠡᠭᠦᠷᠡᠰᠦ ᠬᠡᠷᠡᠭᠯᠡᠵᠦ᠂ ᠠᠳᠠᠯᠢ ᠬᠤᠭᠤᠴᠠᠭᠠᠨ ᠤ ᠬᠢ ᠠᠴᠠ 9.06%᠎ ᠪᠠᠷ ᠨᠡᠮᠡᠭᠳᠡᠪᠡ᠂ 357.52 ᠲᠦᠮᠡᠨ ᠲᠣᠨ ᠲᠦᠭᠦᠭᠡᠢ ᠮᠠᠲ᠋ᠧᠷᠢᠶᠠᠯ ᠬᠡᠷᠡᠭᠯᠡᠵᠤ᠂ ᠠᠳᠠᠯᠢ ᠬᠤᠭᠤᠴᠠᠭᠠᠨ ᠤ ᠎ ᠬᠢ ᠠᠴᠠ 14.23%᠎ ᠪᠠᠷ ᠨᠡᠮᠡᠭᠳᠡᠪᠡ︔ 70.63 ᠳ᠋ᠦᠩᠰᠢᠭᠤᠷ ᠭᠷᠡᠳᠦ᠋ᠰ  ᠴᠠᠬᠢᠯᠭᠠᠨ ᠬᠡᠷᠡᠭᠯᠡᠵᠤ᠂ ᠠᠳᠠᠯᠢ ᠬᠤᠭᠤᠴᠠᠭᠠᠨ ᠤ ᠬᠢ ᠠᠴᠠ 4.9% ᠨᠡᠮᠡᠭᠳᠡᠪᠡ︔ 764.3 ᠲᠦᠮᠡᠨGJ ᠢᠯᠴᠢ ᠶᠢᠨ ᠬᠦᠴᠦᠨ ᠵᠠᠷᠤᠴᠠᠭᠤᠯᠵᠤ᠂ ᠠᠳᠠᠯᠢ ᠬᠤᠭᠤᠴᠠᠭᠠᠨ ᠤ ᠬᠢ ᠠᠴᠠ 7.1%᠎ ᠪᠠᠷ ᠨᠡᠮᠡᠭᠳᠡᠪᠡ᠃
ᠢᠷᠡᠯᠲᠡ᠄ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ