1 — 7 ᠳ᠋ᠤᠭᠠᠷ ᠰᠠᠷ᠎ᠠ ᠪᠤᠯᠳᠠᠯᠠᠬᠢ ᠪᠥᠬᠦ ᠬᠤᠲᠠ ᠶᠢᠨ ᠴᠠᠬᠢᠯᠭᠠᠨ ᠬᠦᠴᠦᠨ ᠤ ᠣᠯᠠᠨ ᠲᠠᠯᠠᠲᠤ ᠠᠷᠠᠯᠵᠢᠶᠠᠨ ᠤ ᠪᠠᠶᠢᠳᠠᠯ
ᠨᠡᠶᠢᠲᠡᠯᠡᠭᠰᠡᠨ ᠴᠠᠭ᠄
2022/9/2
    ᠡᠨᠡ ᠵᠢᠯ ᠤᠨ 7 ᠰᠠᠷ᠎ᠠ ᠶᠢᠨ ᠰᠡᠭᠦᠯᠴᠢ ᠪᠣᠯᠲᠠᠯ᠎ᠠ᠂ ᠮᠠᠨ ᠤ ᠬᠤᠲᠠ ᠨᠡᠶᠢᠲᠡ 678 ᠠᠵᠤ ᠠᠬᠤᠶᠢᠯᠠᠯ ᠴᠠᠬᠢᠯᠭᠠᠨ ᠬᠦᠴᠦᠨ ᠤ ᠣᠯᠠᠨ ᠡᠳᠡᠭᠡᠳ ‍ᠤᠨ‌ᠠᠷᠠᠯᠵᠢᠶᠠᠨ ᠤ ᠵᠠᠬ᠎ᠠ ᠳᠡᠯᠭᠡᠭᠦᠷ ᠲᠤ ᠣᠷᠣᠭᠰᠠᠨ ᠪᠠᠶᠢᠨ᠎ᠠ᠃ ᠡᠭᠦᠨ ᠳᠤ ᠨᠡᠭᠦᠷᠡᠰᠦᠨ ᠤ ᠪᠤᠰᠤ ᠠᠵᠢᠯ ᠲᠥᠷᠥᠯ ᠤᠨ ᠬᠡᠷᠡᠭᠯᠡᠭᠴᠢᠳ 245 ᠡᠷᠦᠬᠡ ᠪᠠᠶᠢᠵᠤ᠂ ᠨᠡᠭᠦᠷᠡᠰᠦᠨ ᠤ ᠠᠵᠢᠯ ᠲᠥᠷᠥᠯ ᠤᠨ  ᠬᠡᠷᠡᠭᠯᠡᠭᠴᠢᠳ 433 ᠡᠷᠦᠬᠡ ᠪᠤᠢ᠃    1 — 7 ᠰᠠᠷ᠎ᠠ ᠳᠤ᠂ ᠪᠥᠬᠦ ᠬᠤᠲᠠ 216.08 ᠳ᠋ᠦᠩᠰᠢᠭᠤᠷ ᠺᠢᠯᠣᠸᠠᠲ ᠴᠠᠭ ᠴᠠᠬᠢᠯᠭᠠᠨ ᠠᠷᠠᠯᠵᠢᠶᠠᠯᠠᠵᠤ᠂ ᠠᠳᠠᠯᠢ ᠬᠤᠭᠤᠴᠠᠭᠠᠨ ᠤ ᠬᠢ ᠠᠴᠠ 17.67%᠎ ᠪᠠᠷ ᠨᠡᠮᠡᠭᠳᠡᠪᠡ᠃ ᠨᠡᠭᠦᠷᠡᠰᠦᠨ ᠤ ᠪᠤᠰᠤ ᠠᠵᠢᠯ ᠲᠥᠷᠥᠯ ᠤᠨ ᠬᠡᠷᠡᠭᠯᠡᠭᠴᠢᠳ 178.98 ᠳ᠋ᠦᠩᠰᠢᠭᠤᠷ ᠺᠢᠯᠣᠸᠠᠲ ᠴᠠᠭ ᠴᠠᠬᠢᠯᠭᠠᠨ ᠠᠷᠠᠯᠵᠢᠶᠠᠯᠠᠵᠤ᠂ 3.29 ᠳ᠋ᠦᠩᠰᠢᠭᠤᠷ ᠺᠢᠯᠣᠸᠠᠲ ᠴᠠᠭ ᠨᠡᠮᠡᠭᠳᠡᠨ᠂ ᠠᠳᠠᠯᠢ ᠬᠤᠭᠤᠴᠠᠭᠠᠨ ᠤ ᠬᠢ ᠠᠴᠠ 1.87%᠎ ᠪᠠᠷ ᠨᠡᠮᠡᠭᠳᠡᠵᠡᠢ᠃ ᠡᠭᠦᠨ ᠳᠤ᠄ ᠡᠨᠧᠷᠭᠢ ᠶᠢᠨ ᠬᠤᠷᠤᠭᠳᠠᠯ ᠶᠡᠬᠡᠲᠡᠢ ᠠᠵᠢᠯ ᠲᠥᠷᠥᠯ ᠤᠨ ᠬᠡᠷᠡᠭᠯᠡᠭᠴᠢᠳ 104.44 ᠳ᠋ᠦᠩᠰᠢᠭᠤᠷ ᠺᠢᠯᠣᠸᠠᠲ ᠴᠠᠭ ᠤᠨ ᠴᠠᠬᠢᠯᠭᠠᠨ ᠠᠷᠠᠯᠵᠢᠶᠠᠯᠠᠵᠤ᠂ 6.16 ᠳ᠋ᠦᠩᠰᠢᠭᠤᠷ ᠺᠢᠯᠣᠸᠠᠲ ᠴᠠᠭ ᠨᠡᠮᠡᠭᠳᠡᠨ᠂ ᠠᠳᠠᠯᠢ ᠬᠤᠭᠤᠴᠠᠭᠠᠨ ᠤ ᠬᠢ ᠠᠴᠠ 6.27%᠎ ᠪᠠᠷ ᠨᠡᠮᠡᠭᠳᠡᠪᠡ︔ ᠡᠩ ᠤᠨ ᠠᠵᠢᠯ ᠲᠥᠷᠥᠯ ᠤᠨ ᠬᠡᠷᠡᠭᠯᠡᠭᠴᠢᠳ 74.54 ᠳ᠋ᠦᠩᠰᠢᠭᠤᠷ ᠺᠢᠯᠣᠸᠠᠲ ᠴᠠᠭ ᠤᠨ ᠴᠠᠬᠢᠯᠭᠠᠨ ᠠᠷᠠᠯᠵᠢᠶᠠᠯᠠᠵᠤ᠂ 2.87 ᠳ᠋ᠦᠩᠰᠢᠭᠤᠷ ᠺᠢᠯᠣᠸᠠᠲ ᠴᠠᠭ ᠪᠠᠭᠤᠷᠠᠵᠤ᠂ ᠠᠳᠠᠯᠢ ᠬᠤᠭᠤᠴᠠᠭᠠᠨ ᠤ ᠬᠢ ᠠᠴᠠ 3.71%᠎ ᠪᠠᠷ ᠪᠠᠭᠤᠷᠠᠪᠠ᠃ ᠨᠡᠭᠦᠷᠡᠰᠦᠨ ᠤ ᠠᠵᠢᠯ ᠲᠥᠷᠥᠯ ᠤᠨ ᠬᠡᠷᠡᠭᠯᠡᠭᠴᠢᠳ 37.1 ᠳ᠋ᠦᠩᠰᠢᠭᠤᠷ ᠺᠢᠯᠣᠸᠠᠲ ᠴᠠᠭ ᠤᠨ ᠴᠠᠬᠢᠯᠭᠠᠨ ᠠᠷᠠᠯᠵᠢᠶᠠᠯᠠᠵᠤ᠂ ᠠᠳᠠᠯᠢ ᠬᠤᠭᠤᠴᠠᠭᠠᠨ ᠤ ᠬᠢ ᠠᠴᠠ 63.34% ᠨᠡᠮᠡᠭᠳᠡᠵᠡᠢ᠃ 
ᠢᠷᠡᠯᠲᠡ᠄ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ