ᠤᠨ ᠤᠨ ᠳᠠᠭᠠᠨ ᠦᠯᠵᠠᠶᠢᠳᠠᠢ ︽ᠤᠯᠠᠨ ᠬᠤᠷᠠᠬᠤ︾ ᠤᠳᠬ᠎ᠠ ᠤᠷᠠᠯᠢᠭ ᠤᠨ ᠴᠢᠭᠤᠯᠭᠠᠨ ᠠᠮᠵᠢᠯᠳᠠᠳᠠᠢ ᠰᠠᠶᠢᠬᠠᠨ ᠶᠠᠪᠤᠭᠳᠠᠯ᠎ᠠ
ᠨᠡᠶᠢᠲᠡᠯᠡᠭᠰᠡᠨ ᠴᠠᠭ᠄
2022/9/22
      2022 ᠤᠨ ᠤ 9 ᠰᠠᠷ᠎ᠠ ᠶᠢᠨ 20᠎ ᠤ ᠡᠳᠦᠷ᠂ ᠬᠤᠷᠢᠨ ᠲᠦᠷᠪᠡᠳᠣᠭᠡᠷ ᠬᠤᠭᠤᠴᠠᠭᠠᠨ ᠤ ︽ᠤᠯᠠᠨ ᠬᠤᠷᠠᠬᠤ︾ ᠤᠳᠭ᠎ᠠ  ᠤᠷᠠᠯᠢᠭ ᠤᠨ ᠴᠢᠭᠤᠯᠭᠠᠨ ᠵᠢᠴᠢ ᠦᠤᠰᠢᠨᠵᠤᠤ ᠪᠠᠯᠭᠠᠰᠤᠨ ᠤ ᠨᠠᠭᠠᠳᠤᠮ ᠤᠨ ᠶᠡᠭᠡ ᠬᠤᠷᠠᠯ ᠦᠤᠰᠢᠨᠵᠤᠤ ᠪᠠᠯᠭᠠᠰᠤᠨ ᠤ ᠪᠠᠶᠠᠠᠳᠣᠯᠤᠭᠠᠢ  ᠭᠠᠴᠠᠭᠠᠨ ᠳᠤ ᠦᠪᠡᠳᠡᠭᠰᠢ ᠶᠡᠭᠡ ᠪᠠᠷ ᠡᠬᠢᠯᠡᠪᠡ᠃ ᠲᠤᠰ ᠴᠢᠭᠤᠯᠭᠠᠨ ᠢ ᠦᠤᠰᠢᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠣᠨ  ᠭᠤᠤᠯᠴᠢᠯᠠᠨ ᠡᠷᠬᠢᠯᠡᠵᠦ᠂ ᠦᠤᠰᠢᠨ ᠬᠤᠰᠢᠭᠤᠨ ᠤ ᠤᠳᠭ᠎ᠠ ᠤᠷᠠᠯᠢᠭ ᠤᠨ ᠬᠢᠨ ᠤ ᠬᠤᠯᠪᠤᠭ᠎ᠠ᠂ ᠦᠤᠰᠢᠨᠵᠤᠤ ᠪᠠᠯᠭᠠᠰᠤ ᠲᠠᠭᠠᠭᠠᠴᠢᠯᠠᠨ  ᠡᠷᠭᠢᠯᠠᠵᠤ᠂ ᠦᠪᠤᠷ ᠮᠤᠩᠭᠤᠯ ᠤᠨ ᠠᠷᠠᠳ ᠤᠨ ᠤᠳᠭ᠎ᠠ ᠤᠷᠠᠯᠢᠭ ᠤᠨ ᠨᠠᠶᠢᠭᠡᠮᠯᠢᠭ ᠪᠠ ᠦᠤᠰᠢᠨᠵᠤᠤ ᠪᠠᠯᠭᠠᠰᠤᠨ ᠤ ᠪᠠᠶᠠᠠᠳᠣᠯᠤᠭᠠᠢ  ᠭᠠᠴᠠᠭ᠎ᠠ ᠬᠠᠪᠰᠤᠷᠤᠨ ᠬᠢᠪᠡ᠃          ︽ᠤᠯᠠᠨ ᠬᠤᠷᠠᠬᠤ︾ ᠤᠳᠬ᠎ᠠ ᠤᠷᠠᠯᠢᠭ ᠤᠨ ᠴᠢᠭᠤᠯᠭᠠᠨ ᠪᠤᠯ ᠮᠠᠯᠴᠢᠨ ᠲᠠᠷᠢᠶᠠᠴᠢᠳ᠂ ᠵᠤᠬᠢᠶᠠᠨ ᠪᠦᠲᠦᠭᠡᠯᠴᠢᠳ᠂ ᠵᠢᠷᠤᠭᠴᠢᠳ᠂  ᠤᠷᠠᠴᠤᠳ ᠲᠤ ᠵᠤᠷᠢᠭᠤᠯᠤᠭᠰᠠᠨ᠂ ᠦᠨᠳᠣᠰᠤᠳᠠᠨ ᠤ ᠪᠦᠯᠭᠦᠮᠳᠠᠯ ᠢ ᠠᠭᠢᠭᠤᠯᠤᠭᠰᠠᠨ᠂ ᠴᠠᠭ ᠦᠶ᠎ᠠ ᠶᠢᠨ ᠪᠤᠯᠪᠠᠰᠤᠨ ᠢ  ᠦᠢᠯᠡᠳᠣᠯᠭᠡᠵᠢᠭᠦᠯᠦᠭᠰᠠᠨ ᠤᠯᠠᠨ ᠲᠦᠮᠠᠨᠴᠢ ᠴᠢᠨᠠᠷᠲᠠᠢ᠂ ᠭᠦᠷᠢᠶ᠎ᠠ ᠭᠡᠪᠴᠢᠶ᠎ᠠ ᠪᠠᠷ ᠶᠡᠭᠡ᠂ ᠠᠭᠤᠯᠭ᠎ᠠ ᠪᠠᠷ ᠪᠠᠶᠠᠯᠢᠭ ᠰᠤᠶᠤᠯ ᠤᠨ ᠠᠵᠢᠯᠯᠠᠭ᠎ᠠ  ᠪᠤᠯᠤᠨ᠎ᠠ᠃ ᠲᠤᠰ ᠤᠳᠠᠭᠠᠨ ᠤ ᠴᠢᠭᠤᠯᠭᠠᠨ ᠢ ᠮᠥ᠋ᠨ ᠵᠤᠷᠰᠢᠯ ᠶᠤᠰᠤᠭᠠᠷ ᠰᠢᠯᠦᠭ᠂ ᠠᠮᠠᠨ ᠦᠯᠢᠭᠡᠷ᠂ ᠢᠷᠤᠭᠡᠯ᠂  ᠲᠠᠭᠤᠤ᠂ ᠪᠦᠵᠢᠭ  ᠬᠤᠪᠴᠠᠰᠤᠨ ᠤ ᠦᠵᠡᠭᠦᠯᠭᠡ ᠵᠡᠷᠭᠡ ᠲᠠᠶᠢᠰᠠᠨ ᠤ ᠲᠦᠷᠤᠯ ᠤᠨ ᠤᠷᠤᠯᠳᠣᠭᠠᠨ ᠪᠠ ᠤᠷᠠᠨ ᠵᠢᠷᠤᠭ᠂ ᠤᠷᠠᠨ ᠪᠢᠴᠢᠯᠭᠡ᠂ ᠺᠤᠮᠫᠢᠦ᠋ᠲ᠋ᠧᠷ ᠤᠨ  ᠤᠷᠠᠯᠢᠭ᠂ ᠴᠠᠭᠠᠰᠤᠨ ᠬᠠᠶᠢᠴᠢᠯᠠᠮᠠᠯ᠂ ᠰᠠᠶᠢᠯᠤᠮᠠᠯ᠂ ᠬᠠᠳᠬᠤᠮᠠᠯ᠂ ᠠᠷᠠᠰᠤᠨ ᠡᠳ᠋ᠯᠠᠯ᠂ ᠢᠰᠡᠭᠡᠢ ᠤᠷᠠᠯᠠᠯ ᠵᠡᠷᠭᠡ ᠦᠵᠡᠭᠦᠯᠭᠡ ᠶᠢᠨ  ᠲᠦᠷᠤᠯ ᠤᠨ ᠤᠷᠤᠯᠳᠣᠭᠠᠨ ᠭᠡᠬᠦ ᠬᠤᠶᠠᠷ ᠲᠦᠷᠦᠯ ᠢᠶᠠᠷ ᠶᠠᠪᠤᠭᠳᠠᠭᠤᠯᠪᠠ᠃          ︽ᠪᠠᠶᠠᠷ ᠲᠡᠭᠡᠷ᠎ᠠ ᠪᠠᠶᠠᠷ᠂ ᠪᠠᠭᠪᠤᠷ ᠲᠡᠭᠡᠷ᠎ᠠ ᠰᠢᠬᠢᠷ︾ ᠭᠡᠳᠡᠭᠴᠢᠯᠠᠨ ᠦᠤᠰᠢᠨᠵᠤᠤ ᠪᠠᠯᠭᠠᠰᠤᠨ ᠤ ᠨᠠᠭᠠᠳᠣᠮ ᠤᠨ ᠬᠤᠷᠠᠯ ᠤᠨ ᠮᠤᠷᠢ  ᠵᠢᠷᠤᠭᠠᠯᠠᠭᠤᠯᠬᠤ᠂ ᠪᠦᠭᠡ ᠪᠠᠷᠢᠯᠳᠣᠬᠤ᠂ ᠰᠤᠷ ᠬᠠᠷᠪᠤᠬᠤ ᠤᠷᠤᠯᠳᠣᠭᠠᠨ ᠨᠢ ︽ᠤᠯᠠᠨ ᠬᠤᠷᠠᠬᠤ︾ ᠤᠳᠬ᠎ᠠ ᠤᠷᠠᠯᠢᠭ ᠤᠨ ᠴᠢᠭᠤᠯᠭᠠᠨ ᠳᠤ  ᠤᠯᠠᠮ ᠨᠠᠶᠢᠷ ᠭᠦᠭ ᠨᠠᠮᠠᠷᠢᠯᠠᠵᠡᠢ᠃ ( ᠮᠠᠰᠢᠪᠠᠳᠣ ᠰᠡᠭᠦᠳᠡᠷᠯᠡᠨ ᠮᠡᠳᠡᠭᠡᠯᠠᠪᠠ )
ᠢᠷᠡᠯᠲᠡ᠄ ᠤᠷᠳᠤᠰ ᠤᠨ ᠮᠤᠩᠭᠤᠯ ᠭᠡᠯᠡᠨ ᠤ ᠰᠤᠨᠢᠨ ᠮᠡᠳᠡᠭᠡᠨ ᠤ ᠰᠦᠯᠵᠢᠶ᠎ᠡ