ᠵᠡᠬᠦᠠᠭᠠᠷ ᠬᠤᠰᠢᠭᠤ᠄ 158 ᠭᠠᠴᠠᠭ᠎ᠠ ᠲᠤᠰᠬᠤᠨ ᠤ ᠬᠠᠮᠳᠤ ᠶᠢᠨ ᠠᠵᠤ ᠠᠬᠤᠢ ᠶᠢᠨ ᠴᠡᠴᠡᠭ ᠪᠦᠬᠦᠨ ᠢ ᠵᠡᠷᠬᠡᠪᠡᠷ ᠲᠡᠯᠬᠡᠷᠡᠬᠦᠯᠪᠠ
ᠨᠡᠶᠢᠲᠡᠯᠡᠭᠰᠡᠨ ᠴᠠᠭ᠄
2022/9/27
              ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠳᠤ᠂ ᠠᠵᠤ ᠦᠢᠯᠡᠰ ᠢ ᠬᠦᠭᠵᠢᠬᠦᠯᠬᠦ ᠪᠤᠯ ᠭᠤᠤᠯᠳᠠᠯᠭ᠎ᠠ ᠪᠤᠯᠤᠨ᠎ᠠ᠃ ᠦᠢᠷ᠎ᠠ ᠶᠢᠨ ᠵᠢᠯ ᠠᠴᠠ ᠨᠠᠭᠠᠰᠢ ᠂ ᠮᠠᠨ ᠤ ᠬᠤᠰᠢᠭᠤ ᠭᠠᠵᠠᠷ ᠤᠷᠤᠨ ᠤ ᠪᠠᠶᠢᠳᠠᠯ ᠳᠠᠭᠠᠨ ᠲᠤᠬᠢᠷᠠᠭᠤᠯᠵᠦ᠂ ᠲᠤᠰᠬᠤᠨ ᠤ ᠪᠠᠶᠢᠳᠠᠯ ᠳᠤ ᠨᠢ ᠲᠤᠬᠢᠷᠠᠭᠤᠯᠤᠨ ᠲᠦᠷᠦ ᠶᠢᠨ ᠪᠤᠳᠤᠯᠭ᠎ᠠ ᠶᠢ ᠬᠡᠷᠡᠭᠵᠢᠬᠦᠯᠵᠦ᠂ ︽ᠡᠬᠢ ᠪᠠᠶᠠᠯᠢᠭ᠂ ᠦᠢᠯᠡᠳᠬᠦᠨ᠂ ᠬᠦᠮᠦᠨ ᠤ ᠬᠦᠴᠦᠨ︾ ᠭᠤᠷᠪᠠᠨ ᠶᠡᠭᠡ ᠬᠦᠴᠦᠨ ᠵᠦᠢᠯ ᠢ ᠬᠦᠴᠦᠯᠡᠨ ᠠᠮᠢᠯᠠᠭᠤᠯᠤᠬᠰᠠᠨ ᠠᠴᠠ 158 ᠭᠠᠴᠠᠭ᠎ᠠ ᠲᠤᠰᠬᠤᠨ ᠤ ᠬᠠᠮᠳᠤ ᠶᠢᠨ ᠠᠵᠤ ᠠᠬᠤᠢ ᠶᠢᠨ ᠬᠢᠯᠡᠰ ᠴᠡᠭ ᠵᠠᠯᠭᠠᠭᠠᠪᠡᠷ ᠢᠯᠡᠷᠡᠵᠦ᠂ ︽ᠴᠡᠴᠡᠭ ᠪᠦᠬᠦᠨ ᠢ ᠵᠡᠷᠬᠡᠪᠡᠷ ᠲᠡᠯᠬᠡᠷᠡᠬᠦᠯᠦᠭᠰᠡᠨ︾ ᠰᠢᠨ᠎ᠠ ᠬᠠᠨᠳᠤᠰᠢ ᠢᠯᠡᠷᠡᠪᠡ᠃       ᠱᠠᠬᠳᠠᠷ ᠪᠠᠯᠭᠠᠰᠤᠨ ᠤ ᠹᠦ᠋ ᠯᠤ᠋ ᠼᠦᠨ ᠲᠤᠰᠬᠤᠨ ᠤ ᠬᠦᠢᠯᠡᠰᠦᠨ ᠴᠡᠢ ᠦᠢᠯᠡᠳᠬᠦ ᠭᠠᠵᠠᠷ ᠲᠤ᠂ ᠲᠤᠰᠬᠤᠨ ᠤ ᠠᠷᠠᠳ ᠬᠦᠢᠯᠡᠰᠦᠨ ᠴᠡᠢ ᠶᠢ ᠪᠤᠯᠪᠠᠰᠤᠷᠠᠩᠭᠤᠢ ᠬᠢᠵᠦ᠂ ᠲᠠᠯᠬᠠᠳᠠᠵᠦ ᠨᠤᠨᠳᠠᠬᠯᠠᠬᠤ᠂ ᠡᠳ᠋ᠰᠢᠬᠦᠯᠵᠦ ᠪᠤᠯᠪᠠᠰᠤᠷᠠᠭᠤᠯᠬᠤ᠂ ᠲᠤᠬᠢᠷᠠᠬᠤ ᠬᠠᠷᠢᠴᠠᠯ ᠢᠶᠠᠷ ᠰᠢᠯᠢᠨ ᠰᠤᠩᠭᠤᠬᠤ ᠵᠡᠷᠬᠡ ᠤᠯᠠᠨ ᠠᠯᠬᠤᠮ ᠲᠠᠷᠠᠭᠠᠯᠠᠯ ᠢ ᠦᠡᠭᠬᠡᠷᠡᠬᠡᠬᠡᠳ᠂ ᠨᠢᠬᠡ ᠯᠠᠰᠠ ᠨᠠᠷᠢᠯᠢᠭ ᠰᠠᠶᠢᠬᠠᠨ ᠬᠦᠢᠯᠡᠰᠦᠨ ᠴᠡᠢ ᠶᠢ ᠬᠢᠵᠦ ᠲᠠᠭᠤᠰᠬᠠᠪᠠ᠃ 2018 ᠤᠨ ᠠᠴᠠ ᠡᠬᠢᠯᠡᠨ᠂ ᠹᠦ᠋ ᠯᠤ᠋ ᠼᠦᠨ ᠲᠤᠰᠬᠤᠨ ᠤᠯᠠᠨ ᠡᠰᠢᠴᠢᠯᠡᠭᠰᠡᠨ ᠬᠠᠮᠳᠤ ᠶᠢᠨ ᠠᠵᠤ ᠠᠬᠤᠢ ᠶᠢᠨ ᠬᠦᠭᠵᠢᠯᠳᠠ ᠶᠢᠨ ᠵᠬᠠᠪᠤᠷ ᠢ ᠬᠠᠶᠢᠨ ᠰᠦᠪᠡᠭᠴᠢᠯᠡᠵᠦ᠂ ᠤᠯᠠᠨ ᠵᠢᠯ ᠤᠨ ᠲᠤᠷᠰᠢ᠂ ᠤᠷᠢᠳ ᠬᠤᠵᠢᠳ 23 ᠬᠦᠯᠡᠮᠵᠢ᠂ ᠵᠠᠭᠤᠨ ᠮᠤ᠋ ᠤᠰᠤᠨ ᠲᠠᠷᠢᠶ᠎ᠠ᠂ ᠲᠠᠷᠢᠮᠠᠯ ᠲᠡᠵᠢᠬᠡᠪᠦᠷᠢ ᠶᠢᠨ ᠲᠠᠷᠢᠶᠠᠴᠢᠨ ᠤ ᠲᠤᠰᠬᠠᠢ ᠬᠤᠷᠰᠢᠶᠠᠵᠢᠯ ᠢ ᠪᠠᠶᠢᠭᠤᠯᠪᠠ᠃ ᠲᠠᠭᠠᠤ ᠳᠤ ᠨᠢ᠂ ᠬᠦᠢᠯᠡᠰᠦᠨ ᠤᠢ ᠶᠢ ᠦᠵᠡᠬᠦ ᠰᠤᠨᠢᠷᠬᠠᠬᠤ ᠤᠨᠴᠠᠯᠢᠬᠳᠤ ᠬᠦᠳᠡᠭᠡ ᠲᠤᠰᠬᠤᠨ ᠤ ᠵᠤᠭᠠᠴᠠᠯ ᠢ ᠶᠡᠬᠡᠪᠡᠷ ᠬᠦᠭᠵᠢᠬᠦᠯᠵᠦ᠂ ︽ᠤᠭ ᠬᠦᠳᠡᠯᠬᠡᠭᠴᠢ ᠬᠦᠴᠦᠨ︾᠎ ᠢ ᠪᠦᠬᠦ ᠲᠠᠯ᠎ᠠ ᠪᠠᠷ ᠦᠳᠦᠬᠡᠨ ᠠᠮᠢᠯᠠᠭᠤᠯᠵᠦ ᠬᠦᠭᠵᠢᠬᠦᠯᠦᠬᠡᠳ᠂ 2021 ᠤᠨ ᠳᠤ ᠲᠤᠰᠬᠤᠨ ᠤ ᠬᠠᠮᠳᠤ ᠶᠢᠨ ᠤᠷᠤᠯᠭ᠎ᠠ ᠨᠢ 20.58 ᠲᠦᠮᠡᠨ ᠲᠦᠬᠦᠷᠢᠭ ᠲᠤ ᠬᠦᠷᠪᠠ ᠃  

1.jpg

2.jpg

   

     ᠨᠦᠬᠦᠬᠡ ᠲᠠᠯ᠎ᠠ ᠳᠤ ᠨᠢ᠂ ᠨᠠᠮᠤᠷ ᠤᠨ ᠤᠯᠠᠷᠢᠯ ᠪᠤᠯᠤᠬᠰᠠᠨ᠎ᠠ᠂ ᠯᠥᠡᠭᠺᠸᠤ ᠪᠠᠯᠭᠠᠰᠤᠨ ᠤ ᠮᠤᠷᠢᠨᠬᠠᠰᠢᠶ᠎ᠠ ᠲᠤᠰᠬᠤᠨ ᠤ ᠲᠦᠷᠪᠡᠨ ᠤᠯᠠᠷᠢᠯ ᠤᠨ ᠠᠮᠳᠠᠳᠤ

ᠵᠢᠮᠢᠰ ᠲᠡᠬᠦᠬᠦ ᠬᠦᠷᠢᠶᠠᠯᠠᠩ ᠳᠤ ᠭᠤᠸᠠ ᠵᠢᠮᠢᠰ ᠢᠳᠡᠰᠢᠨ ᠨᠤᠭᠤᠭ᠎ᠠ ᠵᠠᠯᠭᠠᠭᠠᠪᠡᠷ ᠪᠤᠯᠪᠠᠰᠤᠷᠠᠵᠦ᠂ ᠡᠯᠪᠡᠭ ᠬᠤᠷᠢᠶᠠᠯᠳᠠ ᠶᠢᠨ ᠦᠡᠭᠬᠡ ᠪᠦᠷᠢᠳᠦᠨ᠎ᠠ᠃ ᠡᠨᠡ ᠵᠢᠯ᠂

ᠮᠤᠷᠢᠨᠬᠠᠰᠢᠶ᠎ᠠ ᠲᠤᠰᠬᠤᠨ ᠡᠬᠢ ᠪᠠᠶᠠᠯᠢᠭ ᠪᠠ ᠵᠠᠮ ᠬᠠᠷᠢᠯᠴᠠᠭᠠᠨ ᠤ ᠲᠠᠪᠠᠭᠤᠯᠢᠭ ᠲᠠᠭᠠᠨ ᠲᠦᠰᠢᠭᠯᠡᠨ᠂ 2021 ᠤᠨ ᠳᠤ ᠬᠤᠷᠢᠶᠠᠨ ᠠᠪᠴᠤ ᠪᠦᠳᠦᠬᠡᠨ

ᠪᠠᠶᠢᠭᠤᠯᠤᠬᠰᠠᠨ 4 ᠮᠤ᠋ ᠭᠠᠷᠤᠢ ᠭᠠᠵᠠᠷ ᠲᠠᠭᠠᠨ ᠭᠤᠸᠠ ᠵᠢᠮᠢᠰ ᠢᠳᠡᠰᠢᠨ ᠨᠤᠭᠤᠭ᠎ᠠ ᠲᠠᠷᠢᠭᠠᠳ᠂ ᠨᠢᠬᠡ ᠵᠢᠯ ᠳᠤ 10 ᠭᠠᠷᠤᠢ ᠲᠦᠮᠡᠨ ᠲᠦᠬᠦᠷᠢᠭ ᠤᠨ ᠤᠷᠤᠯᠭ᠎ᠠ

ᠡᠬᠦᠳᠴᠤ᠂ ᠲᠠᠷᠢᠶᠠᠴᠢᠳ ᠢ ᠬᠠᠪᠰᠤᠷᠤᠨ ᠤᠷᠤᠯᠭ᠎ᠠ ᠶᠢ ᠨᠢ ᠨᠡᠮᠡᠭᠳᠡᠬᠦᠯᠬᠦ ᠰᠢᠨ᠎ᠠ ᠬᠢᠯᠡᠰ ᠴᠡᠭ ᠪᠤᠯᠤᠬᠰᠠᠨ ᠪᠠᠶᠢᠨ᠎ᠠ᠃ ᠦᠢᠷ᠎ᠠ ᠶᠢᠨ ᠵᠢᠯ ᠠᠴᠠ ᠨᠠᠭᠠᠰᠢ᠂

ᠮᠤᠷᠢᠨᠬᠠᠰᠢᠶ᠎ᠠ ᠲᠤᠰᠬᠤᠨ ᠤ ᠬᠠᠮᠳᠤ ᠶᠢᠨ ᠠᠵᠤ ᠠᠬᠤᠢ ᠶᠢ ᠬᠦᠭᠵᠢᠬᠦᠯᠦᠨ ᠪᠤᠵᠠᠭᠠᠶᠢᠷᠠᠭᠤᠯᠬᠤ ᠶᠢ ᠦᠨᠳᠦᠰᠦᠨ ᠱᠠᠳᠤᠨ ᠤ ᠵᠤᠬᠢᠶᠠᠨ ᠪᠠᠶᠢᠭᠤᠯᠤᠯᠳᠠ ᠶᠢᠨ

ᠪᠠᠶᠢᠭᠤᠯᠤᠯᠳᠠ᠂ ᠲᠠᠷᠢᠶᠠᠴᠢᠳ ᠤᠨ ᠤᠷᠤᠯᠭ᠎ᠠ ᠶᠢᠨ ᠨᠡᠮᠡᠭᠳᠡᠯ ᠢ ᠠᠬᠢᠭᠤᠯᠬᠤ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠶᠢ ᠲᠦᠷᠬᠡᠳᠬᠡᠬᠦ ᠴᠢᠬᠤᠯᠠ

ᠭᠠᠷᠳᠠᠴᠠ ᠪᠤᠯᠭᠠᠵᠦ᠂ ᠤᠨᠴᠠᠯᠢᠬᠳᠤ ᠠᠵᠤ ᠦᠢᠯᠡᠰ ᠤᠨ ᠬᠦᠭᠵᠢᠯᠳᠠ ᠶᠢᠨ ᠰᠡᠳᠬᠢᠴᠠ ᠶᠢ ᠴᠢᠩᠭ᠎ᠠ ᠡᠵᠡᠮᠳᠡᠵᠦ᠂ ᠨᠦᠢᠯ ᠪᠤᠭᠤᠳᠡᠢ᠂ ᠠᠵᠤ ᠦᠢᠯᠡᠳᠪᠤᠷᠢ ᠶᠢᠨ

ᠯᠠᠵᠤᠤ ᠲᠠᠷᠢᠬᠤ᠂ ᠰᠢᠨ᠎ᠠ ᠰᠤᠷᠭᠤᠭ ᠢᠶᠠᠷ ᠪᠠᠶᠢᠯᠭᠠᠬᠤ ᠬᠦᠢᠳᠡᠨ ᠬᠦᠮᠦᠷᠬᠡ ᠵᠢᠴᠢ ᠭᠤᠸᠠ ᠵᠢᠮᠢᠰ ᠢᠳᠡᠰᠢᠨ ᠨᠤᠭᠤᠭ᠎ᠠ ᠮᠠᠯ ᠲᠠᠷᠢᠶᠠᠯᠠᠩ ᠤᠨ ᠠᠰᠢᠭ ᠰᠢᠮ᠎ᠠ ᠶᠢᠨ

ᠪᠦᠳᠦᠬᠡᠭᠳᠡᠬᠦᠨ ᠤ ᠪᠠᠷᠠᠭᠠᠨ ᠤ ᠬᠦᠢᠯᠬᠡᠬᠡᠨ ᠤ ᠬᠦᠷᠢᠶᠠᠯᠠᠩ ᠢ ᠲᠦᠷᠢᠶᠡᠰᠦᠯᠡᠬᠦᠯᠬᠦ᠂ ᠠᠷᠠᠳ ᠤᠨ ᠰᠡᠯᠡᠬᠦᠴᠡᠯ ᠤᠷᠤᠨ ᠰᠠᠭᠤᠴᠠ ᠵᠢᠴᠢ ᠬᠦᠳᠡᠭᠡ ᠲᠤᠰᠬᠤᠨ ᠤ

ᠵᠤᠭᠠᠴᠠᠯ ᠤᠨ ᠲᠦᠷᠦᠯ ᠵᠦᠢᠯ ᠢ ᠲᠠᠭᠠᠭᠠᠴᠢᠯᠠᠬᠤ᠂ ︽ᠵᠠᠬᠦᠠᠭᠠᠷ ᠬᠤᠰᠢᠭᠤᠨ ᠤ ᠵᠢᠷᠭᠤᠭ᠎ᠠ ᠵᠢᠷᠭᠤᠭ᠎ᠠ ᠨᠠᠢᠮᠠ ᠨᠠᠢᠮᠠ︾᠎ ᠶᠢ ᠡᠵᠡᠩᠨᠡᠨ ᠪᠤᠷᠤᠯᠠᠭᠤᠯᠬᠤ ᠵᠡᠷᠬᠡ ᠠᠷᠭ᠎ᠠ

ᠮᠠᠶ᠋ᠢᠭ ᠢᠶᠠᠷ ᠲᠠᠮᠵᠢᠭᠤᠯᠤᠨ᠂ ᠲᠤᠰᠬᠤᠨ ᠤ ᠬᠠᠮᠳᠤ ᠶᠢᠨ ᠠᠵᠤ ᠠᠬᠤᠢ ᠶᠢ ᠬᠦᠭᠵᠢᠬᠦᠯᠦᠨ ᠪᠤᠵᠠᠭᠠᠶᠢᠷᠠᠭᠤᠯᠤᠭᠠᠳ᠂ 2021 ᠤᠨ ᠳᠤ ᠲᠤᠰᠬᠤᠨ ᠤ ᠬᠠᠮᠳᠤ ᠶᠢᠨ

ᠠᠵᠤ ᠠᠬᠤᠢ ᠶᠢᠨ ᠤᠷᠤᠯᠭ᠎ᠠ ᠨᠢ 70 ᠲᠦᠮᠡᠨ ᠲᠦᠬᠦᠷᠢᠭ ᠢ ᠲᠠᠪᠠᠪᠠ᠃

    

3.jpg

    

     ᠦᠢᠷ᠎ᠠ ᠶᠢᠨ ᠵᠢᠯ ᠠᠴᠠ ᠨᠠᠭᠠᠰᠢ᠂ ᠮᠠᠨ ᠤ ᠬᠤᠰᠢᠭᠤ ᠠᠵᠤ ᠦᠢᠯᠡᠰ ᠢᠶᠠᠷ ᠲᠠᠷᠢᠶᠠᠯᠠᠩ ᠢ ᠬᠦᠭᠵᠢᠬᠦᠯᠬᠦ ᠪᠠᠷ ᠲᠠᠮᠵᠢᠭᠤᠯᠤᠨ ᠬᠦᠳᠡᠭᠡ ᠲᠤᠰᠬᠤᠨ ᠤ

ᠬᠦᠭᠵᠢᠯᠳᠠ ᠶᠢᠨ ᠲᠤᠳᠤᠭᠠᠳᠤ ᠬᠦᠳᠡᠯᠬᠡᠭᠴᠢ ᠬᠦᠴᠦᠨ ᠢ ᠲᠡᠰᠵᠢᠬᠦᠯᠵᠦ᠂ ᠬᠦᠳᠡᠭᠡ ᠲᠤᠰᠬᠤᠨ ᠢ ᠰᠢᠨ᠎ᠠ ᠠᠮᠢᠵᠢᠷᠠᠯ ᠤᠨ ᠬᠦᠴᠦᠨ ᠢᠶᠠᠷ ᠪᠢᠯᠬᠠᠭᠤᠯᠪᠠ᠃ ᠬᠦᠳᠡᠭᠡ

ᠲᠤᠰᠬᠤᠨ ᠤ ᠵᠤᠭᠠᠴᠠᠯ᠂ ᠡᠯᠳᠡᠪ ᠠᠮᠤ᠂ ᠬᠢᠳᠠᠳ ᠡᠪᠡᠰᠦᠨ ᠡᠮ ᠤᠨ ᠮᠠᠲ᠋ᠧᠷᠢᠶᠠᠯ᠂ ᠲᠦᠬᠦᠬᠡᠷᠦᠮᠵᠢᠳᠤ ᠬᠦᠯᠡᠮᠵᠢ᠂ ᠠᠯᠠᠰᠢᠨ ᠦᠬᠡᠷ ᠲᠡᠵᠢᠬᠡᠬᠦ᠂ ᠰᠡᠷᠬᠡ ᠵᠡᠷᠬᠡ

ᠤᠨᠴᠠᠯᠢᠬᠳᠤ ᠠᠵᠤ ᠦᠢᠯᠡᠰ ᠤᠨ ᠴᠡᠴᠡᠭ ᠪᠦᠬᠦᠨ ᠢ ᠵᠡᠷᠬᠡᠪᠡᠷ ᠲᠡᠯᠬᠡᠷᠡᠬᠦᠯᠵᠦ᠂ ᠤᠯᠠᠨ ᠲᠦᠮᠡᠨ ᠤ ᠵᠤᠯ ᠵᠢᠷᠭᠠᠯ ᠤᠨ ᠵᠢᠭᠠᠯᠳᠠ ᠲᠤᠭ᠎ᠠ ᠲᠠᠰᠤᠷᠠᠯᠳᠠ ᠦᠬᠡᠢ

ᠨᠡᠮᠡᠭᠳᠡᠨ᠂ ᠭᠠᠴᠠᠭ᠎ᠠ ᠲᠤᠰᠬᠤᠨ ᠤ ᠬᠠᠮᠳᠤ ᠶᠢᠨ ᠠᠵᠤ ᠠᠬᠤᠢ ᠨᠢ ᠬᠦᠳᠡᠭᠡ ᠲᠤᠰᠬᠤᠨ ᠢ ᠬᠦᠭᠵᠢᠬᠦᠯᠦᠨ ᠮᠨᠨᠳᠤᠭᠤᠯᠬᠤ ᠳᠤ ︽ᠰᠢᠨ᠎ᠠ ᠬᠦᠳᠡᠯᠬᠡᠭᠴᠢ ᠡᠨᠧᠷᠬᠢ︾

ᠨᠡᠮᠡᠷᠢᠯᠡᠪᠡ᠃ 2021 ᠤᠨ ᠳᠤ᠂ ᠵᠠᠬᠦᠠᠭᠠᠷ ᠬᠤᠰᠢᠭᠤᠨ ᠤ 158 ᠭᠠᠴᠠᠭ᠎ᠠ ᠲᠤᠰᠬᠤᠨ ᠤ ᠬᠠᠮᠳᠤ ᠶᠢᠨ ᠠᠵᠤ ᠠᠬᠤᠢ ᠶᠢᠨ ᠡᠵᠡᠩᠨᠡᠯᠳᠡ ᠶᠢᠨ ᠴᠢᠨᠠᠷᠳᠡᠢ

ᠶᠡᠷᠦᠩᠬᠡᠢ ᠤᠷᠤᠯᠭ᠎ᠠ ᠨᠢ 8409.1599 ᠲᠦᠮᠡᠨ ᠲᠦᠬᠦᠷᠢᠭ ᠲᠤ ᠬᠦᠷᠴᠤ᠂ ᠲᠦᠷᠦᠬᠦᠦ ᠨᠢᠬᠡ ᠵᠢᠯ ᠤᠨ ᠬᠢ ᠠᠴᠠ 121.4 %᠎ ᠪᠠᠷ ᠨᠡᠮᠡᠭᠳᠡᠵᠦ᠂ ᠭᠠᠴᠠᠭ᠎ᠠ

ᠲᠤᠰᠬᠤᠨ ᠨᠢᠬᠡᠪᠦᠷᠢ ᠶᠢᠨ ᠬᠠᠮᠳᠤ ᠶᠢᠨ ᠠᠵᠤ ᠠᠬᠤᠢ ᠶᠢᠨ ᠡᠵᠡᠩᠨᠡᠯᠳᠡ ᠶᠢᠨ ᠴᠢᠨᠠᠷᠳᠡᠢ ᠲᠤᠮᠳᠠᠴᠢ ᠤᠷᠤᠯᠭ᠎ᠠ ᠨᠢ 53.22 ᠲᠦᠮᠡᠨ ᠲᠦᠬᠦᠷᠢᠭ ᠲᠤ ᠬᠦᠷᠴᠡᠢ᠃

ᠲᠦᠯᠦᠪᠯᠡᠭᠰᠡᠨ ᠢᠶᠠᠷ ᠡᠨᠡ ᠵᠢᠯ ᠤᠨ ᠡᠴᠦᠰ ᠪᠤᠯᠬᠤ ᠳᠤ᠂ ᠵᠠᠬᠦᠠᠭᠠᠷ ᠬᠤᠰᠢᠭᠤᠨ ᠤ ᠬᠠᠮᠳᠤ ᠶᠢᠨ ᠠᠵᠤ ᠠᠬᠤᠢ ᠶᠢᠨ ᠡᠵᠡᠩᠨᠡᠯᠳᠡ ᠶᠢᠨ ᠴᠢᠨᠠᠷᠳᠡᠢ ᠶᠡᠷᠦᠩᠬᠡᠢ

ᠤᠷᠤᠯᠭ᠎ᠠ ᠨᠢ ᠳ᠋ᠥᠡᠭᠰᠢᠭᠤᠷ ᠲᠦᠬᠦᠷᠢᠭ ᠢ ᠰᠢᠪᠳᠤᠯᠬᠤ ᠪᠤᠯᠤᠨ᠎ᠠ᠃

  

ᠢᠷᠡᠯᠲᠡ᠄ ᠵᠠᠬᠦᠠᠭᠠᠷ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ