ᠪᠠᠭ᠎ᠠ ᠬᠡᠪᠢᠭᠴᠢ ᠮᠠᠯ ᠤᠨ ᠬᠢᠵᠢᠭ ᠪᠣᠯᠣᠨ ᠲᠡᠭᠦᠨ ᠤ ᠰᠡᠷᠭᠡᠶᠢᠯᠡᠯᠲᠡ
ᠨᠡᠶᠢᠲᠡᠯᠡᠭᠰᠡᠨ ᠴᠠᠭ᠄
2022/9/27
                                ᠪᠠᠭ᠎ᠠ ᠬᠡᠪᠢᠭᠴᠢ ᠮᠠᠯ ᠤᠨ ᠬᠢᠵᠢᠭ ᠢ ᠪᠠᠰᠠ ᠬᠤᠨᠢᠨ ᠬᠢᠵᠢᠭ ᠬᠡᠳᠡᠭ᠃ ᠪᠠᠭ᠎ᠠ ᠬᠡᠪᠢᠭᠴᠢ ᠮᠠᠯ ᠤᠨ ᠬᠢᠵᠢᠭ ᠤᠨ ᠸᠢᠷᠦ᠋ᠰ ᠠᠴᠠ ᠡᠬᠦᠰᠦᠭᠰᠡᠨ ᠨᠢᠭᠡ ᠵᠦᠢᠯ ᠤᠨ ᠲᠦᠷᠭᠡᠨ ᠴᠢᠨᠠᠷᠲᠠᠢ ᠸᠢᠷᠦ᠋ᠰᠳᠦ ᠬᠠᠯᠳᠠᠪᠤᠷᠢᠳᠤ ᠡᠪᠡᠳᠴᠢᠨ ᠪᠣᠯᠣᠨ᠎ᠠ᠃ ᠬᠠᠯᠠᠭᠤᠷᠠᠬᠤ᠂ ᠠᠮᠠᠨ ᠬᠥᠨᠳᠡᠢ ᠶᠢᠨ ᠦᠷᠪᠢᠰᠦᠯ᠂ ᠴᠢᠴᠠᠭ᠎ᠠ ᠠᠯᠳᠠᠬᠤ᠂ ᠠᠭᠤᠰᠬᠢᠨ ᠦᠷᠪᠢᠰᠦᠯ ᠵᠡᠷᠭᠡ ᠡᠪᠡᠳᠴᠢᠨ ᠤ ᠢᠯᠡᠷᠡᠯ ᠲᠠᠢ᠃ ᠡᠮᠦᠨ᠎ᠡ ᠨᠢ ᠲᠤᠰ ᠡᠪᠡᠳᠴᠢᠨ ᠶᠡᠷᠦ ᠳᠡᠯᠭᠡᠷᠡᠵᠦ ᠥᠩᠭᠡᠷᠡᠭᠰᠡᠨ ᠦᠭᠡᠢ ᠭᠠᠵᠠᠷ ᠣᠷᠣᠨ ᠳᠤ ᠬᠡᠷᠪᠡ ᠡᠪᠡᠳᠴᠢᠨ ᠢᠯᠡᠷᠡᠪᠡᠯ ᠴᠢᠩᠭ᠎ᠠ ᠪᠢᠲᠡᠭᠦᠮᠵᠢᠯᠡᠵᠦ᠂ ᠡᠪᠡᠳᠴᠢᠲᠡᠢ ᠬᠤᠨᠢ ᠶᠢ ᠠᠯᠠᠵᠤ᠂ ᠲᠤᠰᠠᠭᠠᠷᠯᠠᠨ ᠠᠷᠢᠭᠤᠳᠬᠠᠬᠤ ᠬᠡᠷᠡᠭᠲᠡᠢ᠃ ᠲᠤᠰ ᠡᠪᠡᠳᠴᠢᠨ ᠤ ᠰᠡᠷᠭᠡᠶᠢᠯᠡᠯᠲᠡ ᠨᠢ ᠭᠤᠣᠯᠳᠠᠭᠤ ᠡᠬᠡᠯᠢᠯᠡᠪᠦᠷᠢ ᠶᠢᠨ ᠲᠠᠷᠢᠯᠭ᠎ᠠ ᠳᠤ ᠲᠦᠰᠢᠭᠯᠡᠨ᠎ᠡ᠃ ᠡᠬᠡᠯᠢᠯᠡᠪᠦᠷᠢ ᠶᠢᠨ ᠬᠤᠭᠤᠴᠠᠭ᠎ᠠ ᠨᠢ 36 ᠰᠠᠷ᠎ᠠ᠃ ᠸᠠᠺᠼᠢᠨ ᠤ ᠲᠣᠳᠣᠷᠬᠠᠶᠢᠯᠠᠯᠲᠠ ᠶᠢᠨ ᠪᠢᠴᠢᠭ ᠶᠣᠰᠣᠭᠠᠷ ᠡᠬᠡᠯᠢᠯᠡᠪᠦᠷᠢ ᠬᠢᠵᠦ᠂ ᠪᠠᠺᠲ᠋ᠧᠷᠢ ᠦᠭᠡᠶᠢᠳᠡᠭᠦᠯᠦᠭᠰᠡᠨ ᠹᠢᠽᠢᠣᠯᠣᠭᠢ ᠶᠢᠨ ᠳᠠᠪᠤᠰᠤᠨ ᠠᠭᠤᠰᠤᠮᠠᠯ ᠢᠶᠠᠷ ᠰᠢᠩᠭᠡᠷᠡᠭᠦᠯᠵᠦ᠂ ᠬᠤᠨᠢ ᠨᠢᠭᠡᠪᠦᠷᠢ ᠶᠢᠨ ᠰᠢᠯᠢ ᠶᠢᠨ ᠬᠦᠵᠦᠭᠦᠨ ᠤ ᠠᠷᠠᠰᠤᠨ ᠳᠣᠣᠷ᠎ᠠ ᠲᠠᠷᠢᠨ᠎ᠠ᠃     
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ