ᠬᠤᠷ ᠤᠨ ᠵᠢᠷᠭᠤᠭᠠᠨ ᠪᠠᠯᠭᠠᠳ — ᠰᠦᠯᠳᠡ ᠶᠢᠨ  ᠪᠠᠯᠭᠠᠰᠤ
ᠨᠡᠶᠢᠲᠡᠯᠡᠭᠰᠡᠨ ᠴᠠᠭ᠄
2022/9/28
      ᠳᠡᠯᠡᠬᠡᠢ ᠶᠢᠨ ᠪᠣᠯᠪᠠᠰᠣᠨ ᠤ ᠠᠭᠤᠯᠵᠠᠷ ᠭᠡᠭᠳᠡᠳᠡᠭ ᠠᠮᠤᠳᠠᠷᠶ᠎ᠠ ᠰᠢᠷᠳᠠᠷᠶ᠎ᠠ ᠬᠤᠶᠠᠷ ᠭᠤᠤᠯ ᠤᠨ ᠬᠤᠭᠤᠷᠣᠨᠳᠣ ᠢᠳᠡᠭᠡᠰᠢᠨ ᠠᠮᠢᠳᠤᠷᠠᠵᠤ  ᠠᠭᠰᠠᠨ ᠰᠤᠭᠲᠠ ᠬᠦᠮᠦᠰ ᠪᠣᠯ ᠨᠢᠳᠦ ᠭᠢᠯᠠᠰᠣᠮ᠎ᠠ ᠲᠡᠤᠬᠡ ᠰᠣᠶᠣᠯ ᠲᠠᠢ ᠡᠷᠲᠡᠨ ᠤ ᠦᠨᠳᠦᠰᠦᠲᠡᠨ ᠶᠠᠰᠤᠲᠠᠨ ᠤ ᠨᠢᠭᠡᠨ ᠪᠢᠯᠡ᠃ ᠰᠣᠭᠳᠠ ᠪᠢᠴᠢᠭ ᠠᠴᠠ ᠡᠭᠦᠰᠦᠨ ᠬᠤᠪᠢᠰᠴᠦ ᠢᠷᠡᠭᠰᠡᠨ ᠤᠶᠢᠭᠤᠷᠵᠢᠨ ᠪᠢᠴᠢᠭ᠂ ᠤᠶᠢᠭᠤᠷᠵᠢᠨ ᠮᠣᠩᠭᠤᠯ ᠪᠢᠴᠢᠭ᠂ ᠮᠠᠨᠵᠤ ᠪᠢᠴᠢᠭ ᠢ ᠡᠳᠦᠭᠡ ᠴᠤ ᠭᠡᠰᠡᠨ ᠬᠡᠷᠡᠭᠯᠡᠭᠰᠡᠭᠡᠷ ᠪᠠᠶᠢᠨ᠎ᠠ᠃ ᠲᠠᠩ ᠤᠨ ᠲᠦᠷᠦ ᠪᠠᠶᠢᠭᠤᠯᠤᠭᠳᠠᠭᠠᠳ ᠳᠡᠮᠡᠢ ᠤᠳᠠᠭᠰᠠᠨ ᠦᠭᠡᠢ᠂ ᠵᠧᠨ ᠭᠤᠸᠠᠨ ᠤ ᠳᠦᠳᠦᠭᠡᠷ ᠤᠨ ︵630 ᠣᠨ︶᠎ ᠳᠤ᠂ ᠵᠡᠭᠦᠨ ᠲᠦᠷᠦᠭ ᠬᠠᠭᠠᠨᠳᠦ ᠤᠯᠤᠰ ᠢ ᠮᠥᠬᠦᠭᠡᠪᠡ᠃ ᠵᠡᠭᠦᠨ ᠲᠦᠷᠦᠭ ᠤᠨ ᠠᠷᠪᠠᠨ ᠲᠦᠮᠡᠨ ᠡᠷᠦᠬᠡ ᠲᠠᠩ ᠤᠯᠤᠰ ᠢ ᠳᠠᠭᠠᠵᠠᠢ᠃ ᠲᠠᠩ ᠤᠨ ᠲᠦᠷᠦ ᠠᠴᠠ ᠳᠠᠭᠠᠭᠰᠠᠨ ᠢᠷᠭᠡᠳ ᠢ ᠾᠧ ᠴᠢᠥᠢ ︵ᠭᠤᠣᠯ ᠤᠨ ᠲᠣᠬᠤᠢ ︶ ᠭᠠᠵᠠᠷ᠎ᠠ ᠨᠡᠭᠦᠯᠭᠡᠨ᠂ ᠨᠤᠭᠲᠤᠯᠠᠨ ᠬᠠᠮᠢᠶᠠᠷᠬᠤ ᠵᠸᠤ ② ᠪᠠᠶᠢᠭᠤᠯᠵᠤ ᠵᠠᠬᠢᠷᠪᠠ᠃ ᠲᠢᠶᠣᠣ ᠯᠦ ᠶᠢᠨ ᠲᠡᠷᠢᠭᠦᠨ ᠣᠨ ︵679 ᠣᠨ︶᠎ ᠎ ᠳᠤ᠂ ᠲᠠᠩ ᠤᠨ ᠲᠦᠷᠦ ᠠᠴᠠ ᠵᠡᠭᠦᠨ ᠲᠦᠷᠦᠭ ᠤᠨ ᠳᠠᠭᠠᠭᠰᠠᠨ ᠢᠷᠭᠡᠨ ᠤ ᠳᠣᠲᠣᠷᠠᠬᠢ ᠰᠣᠭᠳᠠ ᠬᠦᠮᠦᠰ ᠢ ᠯᠢᠩ᠂ ᠰᠢᠶᠠ ᠬᠤᠶᠠᠷ ᠵᠧᠦ ᠶᠢᠨ ᠬᠤᠭᠤᠷᠣᠨᠳᠣ ᠨᠡᠭᠦᠯᠭᠡᠨ᠂ ᠣᠪᠣᠭ ᠤᠭᠰᠠᠭ᠎ᠠ ᠪᠠᠷ ᠨᠢ ᠢᠯᠭᠠᠵᠤ᠂ ᠯᠦ᠂ ᠯᠢ᠂ ᠬᠠᠨ᠂ ᠰᠠᠢ᠂ ᠶᠢ᠂ ᠴᠢ ᠬᠡᠮᠡᠬᠦ ᠨᠤᠭᠲᠤᠯᠠᠨ ᠬᠠᠮᠢᠶᠠᠷᠬᠤ ᠵᠢᠷᠭᠤᠭᠠᠨ ᠵᠧᠦ ᠶᠢ ᠪᠠᠶᠢᠭᠤᠯᠤᠨ ᠵᠠᠬᠢᠷᠴᠠᠢ᠃ ᠡᠨᠡ ᠵᠢᠷᠭᠤᠭᠠᠨ ᠵᠧᠦ ᠶᠢᠨ ᠲᠣᠭᠲᠠᠨᠢᠵᠣ ᠠᠭᠰᠠᠨ ᠲᠡᠣᠬᠡᠨ ᠴᠠᠭ ᠦᠶ᠎ᠡ ︵679~704 ᠣᠨ︶᠎ ᠨᠢ ᠣᠬᠤᠷᠬᠠᠨ ᠪᠣᠯᠪᠠᠴᠣ ︽ᠬᠤᠷ ᠤᠨ ᠵᠢᠷᠭᠤᠬᠠᠨ ᠵᠧᠦ︾ ᠭᠡᠰᠡᠨ ᠨᠡᠷ᠎ᠡ ᠪᠠᠷ ᠲᠡᠤᠬᠡᠨ ᠳᠤ ᠦᠯᠡᠳᠡᠭᠰᠡᠨ ᠪᠠᠶᠢᠯ᠎ᠠ᠃      ᠬᠤᠷ ᠤᠨ ᠵᠢᠷᠭᠤᠬᠠᠨ ᠵᠧᠦ ᠶᠢᠨ ᠬᠤᠪᠢᠳᠠᠭᠰᠠᠨ ᠨᠤᠲᠤᠭ ᠨᠢ ᠡᠳᠦᠭᠡ ᠶᠢᠨ ᠥᠪᠥᠷ ᠮᠣᠩᠭᠤᠯ ᠤᠨ ᠣᠲᠤᠭ ᠤᠨ ᠡᠮᠦᠨᠡᠲᠦ ᠬᠤᠰᠢᠭᠤ᠂ ᠨᠢᠩᠰᠢᠶᠠ ᠶᠢᠨ ᠲᠡᠷᠭᠡ ᠰᠢᠶᠠᠨ ᠤ ᠭᠠᠵᠠᠷ ᠨᠤᠲᠤᠭ ᠪᠣᠯᠬᠤ ᠪᠦᠭᠡᠳ ᠵᠸᠦ ᠶᠢᠨ ᠵᠠᠬᠢᠷᠭᠠᠨ ᠤ ᠬᠤᠲᠠ ᠨᠢ ᠡᠨᠡ ᠬᠤᠶᠠᠷ ᠬᠤᠰᠢᠭᠤ ᠰᠢᠶᠠᠨ ᠤ ᠬᠠᠷᠢᠶᠠᠨ ᠳᠤ ᠪᠠᠶᠢᠭ᠎ᠠ ᠲᠠᠩ ᠤᠨ ᠦᠶ᠎ᠡ ᠶᠢᠨ ᠡᠷᠲᠡᠨ ᠤ ᠪᠠᠯᠭᠠᠳ ᠪᠠᠶᠢᠬ᠎ᠠ ᠭᠡᠵᠦ ᠮᠠᠭᠠᠳᠯᠠᠳᠠᠭ᠃ ᠬᠤᠷ ᠤᠨ ᠵᠢᠷᠭᠤᠬᠠᠨ ᠪᠠᠯᠭᠠᠳ ᠤᠨ ᠨᠢᠭᠡ ᠨᠢ ᠨᠢᠩᠰᠢᠶᠠ ᠶᠢᠨ ᠲᠡᠷᠭᠡ ᠰᠢᠶᠠᠨ ᠳᠤ ᠬᠠᠷᠢᠶᠠᠯᠠᠭᠳᠠᠬᠤ ᠡᠷᠲᠡᠨ ᠤ ᠰᠢᠩ ᠦ᠋ ᠬᠤᠲᠠ ᠪᠣᠯᠣᠨ᠎ᠠ᠂ ᠡᠨᠡ ᠬᠤᠲᠠ ᠨᠡᠯᠢᠶᠡᠳ ᠪᠦᠷᠢᠨ ᠪᠦᠲᠦᠨ ᠢᠶᠠᠷ ᠢᠶᠠᠨ ᠪᠠᠶᠢᠳᠠᠭ ᠤᠨ ᠤᠴᠢᠷ ᠪᠣᠯ ᠮᠢᠩ ᠤᠨ ᠦᠶ᠎ᠡ ᠳᠤ ᠰᠡᠯᠪᠢᠨ ᠵᠠᠰᠠᠭᠰᠠᠨ ᠤ᠂ ᠠᠳᠡ ᠲᠠᠨᠢᠯᠴᠠᠭᠤᠯᠬᠤ ᠦᠭᠡᠢ᠃ ᠣᠲᠤᠭ ᠤᠨ ᠡᠮᠦᠨᠡᠲᠦ ᠬᠤᠰᠢᠭᠤᠨ ᠤ ᠬᠢᠵᠠᠭᠠᠷ ᠲᠤ ᠣᠷᠣᠰᠢᠬᠤ 1.ᠤᠯᠠᠭᠠᠨ ᠳᠤᠪᠤᠩ ᠤᠨ ᠪᠠᠯᠭᠠᠰᠤ᠂ 2. ᠪᠠᠯᠠᠩ ᠤᠨ ᠰᠦᠮ᠎ᠡ ᠶᠢᠨ ᠪᠠᠯᠭᠠᠰᠤ᠂ 3. ᠡᠪᠳᠡᠷᠬᠡᠢ ᠪᠠᠯᠭᠠᠰᠤ᠂ 4. ᠴᠠᠭᠠᠨ ᠪᠠᠯᠭᠠᠰᠦ᠂ 5.ᠤᠯᠵᠠᠴᠢ ᠶᠢᠨ ᠪᠠᠯᠭᠠᠰᠦ᠂ 6. ᠳ᠋ᠠ ᠬᠦᠷᠢᠶ᠎ᠡ᠂ 7. ᠠᠷᠯᠠᠢ ᠶᠢᠨ ᠪᠠᠯᠭᠠᠰᠦ᠂ 8.ᠰᠦᠯᠳᠡ ᠶᠢᠨ ᠪᠠᠯᠭᠠᠰᠤ᠂ 9.ᠤᠭᠤᠲᠤᠷ ᠪᠠᠯᠭᠠᠰᠤ᠂ 10. ᠪᠠᠶᠠᠨ ᠬᠤᠷᠠᠬᠤ ᠶᠢᠨ ᠪᠠᠯᠭᠠᠰᠤ ᠵᠡᠷᠭᠡ ᠡᠳᠡᠭᠡᠷ ᠲᠠᠩ ᠤᠨ ᠦᠶ᠎ᠡ ᠶᠢᠨ ᠡᠷᠲᠡᠨ ᠤ ᠬᠤᠲᠠᠨ ᠤ ᠳᠣᠲᠣᠷ᠎ᠠ ᠦᠯᠡᠳᠡᠭᠰᠡᠨ ᠲᠠᠪᠤᠨ ᠬᠤᠷ ᠤᠨ ᠪᠠᠯᠭᠠᠳ ᠪᠠᠶᠢᠭ᠎ᠠ ᠨᠢ ᠮᠠᠭᠠᠳ ᠪᠣᠯᠪᠠᠴᠣ ᠴᠣᠬᠤᠮ ᠠᠯᠢ ᠠᠯᠢ ᠨᠢ ᠮᠦᠨ ᠪᠣᠯᠬᠤ ᠶᠢ ᠬᠠᠷᠠᠬᠠᠨ ᠨᠤᠲᠠᠯᠠᠭ᠎ᠠ ᠦᠭᠡᠢ᠃ ᠳᠤᠤᠷ᠎ᠠ ᠡᠳᠡᠭᠡᠷ ᠪᠠᠯᠭᠠᠰᠤ ᠶᠢ ᠲᠤᠪᠴᠢ ᠶᠢᠨ ᠲᠡᠳᠦᠢ ᠲᠠᠨᠢᠯᠴᠠᠭᠤᠯᠰᠤᠭᠠᠢ᠃     8. ᠰᠦᠯᠳᠡ ᠶᠢᠨ  ᠪᠠᠯᠭᠠᠰᠤ      ᠤᠲᠤᠭ ᠤᠨ ᠡᠮᠦᠨᠡᠲᠦ ᠬᠤᠰᠢᠭᠤᠨ ᠤ ᠨᠠᠩᠰᠦ ᠪᠠᠯᠭᠠᠰᠤᠨ ᠤ ᠰᠦᠯᠳᠡ ᠭᠠᠴᠠᠭᠠᠨ ᠳᠤ ᠪᠠᠶᠢᠭ᠎ᠠ ᠲᠤᠯᠠ ᠰᠦᠯᠳᠡ ᠶᠢᠨ ᠪᠠᠯᠭᠠᠰᠤ ᠬᠡᠮᠡᠨ  ᠨᠡᠷᠡᠶᠢᠳᠳᠡᠭ᠃ ᠬᠤᠲᠠ ᠶᠢᠨ ᠬᠡᠷᠡᠮ ᠪᠠᠷᠤᠭ ᠪᠦᠷ ᠡᠯᠡᠰᠦᠨ ᠳᠤ ᠳᠠᠷᠤᠭᠳᠠᠭᠠᠳ᠂ ᠴᠢᠭ᠍ᠵᠢᠵᠤ ᠴᠤᠭᠴᠠᠯᠠᠭᠰᠠᠨ ᠳᠠᠰᠤᠭ ᠪᠤᠰᠠᠭ ᠴᠠᠭᠠᠨ ᠰᠢᠪᠠᠷ ᠬᠡᠷᠡᠮ ᠨᠢ ᠴᠤᠬᠤᠶᠢᠵᠦ ᠪᠠᠶᠢᠨ᠎ᠠ᠃ ᠬᠦᠷᠢᠶᠡᠨ ᠤ ᠤᠷᠲᠤ ᠨᠢ ᠪᠠᠷᠤᠭ 1500m᠂ ᠪᠠᠷᠠᠭᠤᠨ ᠬᠡᠷᠡᠮ ᠤᠨ 70m ᠬᠢᠷᠢᠲᠡᠢ᠂ ᠡᠮᠦᠨ᠎ᠡ ᠬᠡᠷᠡᠮ ᠤᠨ 114m ᠬᠢᠷᠢᠲᠡᠢ ᠬᠡᠰᠡᠭ ᠨᠢ ᠴᠤᠬᠤᠶᠢᠵᠦ ᠭᠠᠷᠴᠠᠢ᠂ ᠬᠡᠷᠡᠮ ᠤᠨ ᠤᠷᠴᠢᠮ ᠠᠴᠠ ᠪᠦᠰ ᠠᠷᠲᠠᠢ ᠬᠦᠬᠡ ᠸᠠᠭᠠᠷ᠂ ᠳᠤᠪᠤᠷᠦ ᠲᠠᠢ ᠬᠦᠬᠡ ᠸᠠᠭᠠᠷ ᠤᠨ ᠬᠠᠭᠠᠷᠬᠠᠢ ᠤᠯᠵᠠᠢ᠃     ᠬᠤᠲᠠ ᠶᠢᠨ ᠵᠡᠭᠦᠨ ᠬᠤᠶᠢᠲᠠᠢ ᠠᠴᠠ ᠲᠠᠩ ᠤᠯᠤᠰ ᠤᠨ ᠦᠶ᠎ᠡ ᠶᠢᠨ 1 ᠪᠤᠯᠠᠰᠢ᠂ ᠵᠡᠭᠦᠨ ᠡᠮᠦᠨ᠎ᠡ 8km᠎ ᠠᠴᠠ ᠬᠠᠨ ᠤᠯᠤᠰ ᠤᠨ ᠦᠶ᠎ᠡ ᠶᠢᠨ ᠪᠤᠯᠠᠰᠢᠨ ᠤ ᠭᠠᠵᠠᠷ᠂ ᠬᠤᠲᠠ ᠶᠢᠨ ᠵᠡᠭᠦᠨᠲᠠᠢ 4.5km᠎ ᠠᠴᠠ ᠬᠦᠬᠡ ᠲᠤᠭᠤᠰᠬ᠎ᠠ ᠪᠠᠷ ᠬᠠᠰᠢᠭᠰᠠᠨ ᠬᠠᠭᠤᠴᠢᠨ ᠬᠤᠳᠳᠤᠭ ᠨᠢᠭᠡ ᠪᠠᠶᠢᠭ᠎ᠠ ᠶᠢ ᠢᠯᠡᠷᠡᠭᠦᠯᠵᠡᠢ᠃ ᠬᠠᠭᠤᠴᠢᠨ ᠬᠤᠳᠳᠤᠭ ᠤᠨ ᠠᠮᠠᠰᠠᠷ ᠤᠨ ᠳ᠋ᠢᠶᠠᠮᠧᠲᠷ 42cm᠂ ᠭᠦᠨ 4m ᠬᠢᠷᠢᠲᠡᠢ᠂ ᠬᠠᠰᠢᠭᠰᠠᠨ ᠲᠤᠭᠤᠰᠬᠠᠨ ᠤ ᠤᠷᠲᠤ 30cm᠂ ᠦᠷᠭᠡᠨ 16cm᠂ ᠵᠤᠵᠠᠭᠠᠨ  5.3cm᠃     ᠬᠠᠨ ᠤᠯᠤᠰ ᠤᠨ ᠦᠶ᠎ᠡ ᠠᠴᠠ ᠪᠠᠶᠢᠭᠤᠯᠤᠭᠳᠠᠵᠤ᠂ ᠲᠠᠩ ᠤᠯᠤᠰ᠂ ᠪᠠᠷᠠᠭᠤᠨ ᠰᠢᠶᠠ ᠤᠯᠤᠰ ᠤᠨ ᠦᠶ᠎ᠡ ᠬᠦᠷᠲᠡᠯ᠎ᠡ ᠬᠡᠷᠡᠭᠯᠡᠭᠳᠡᠵᠦ ᠪᠠᠶᠢᠭᠰᠠᠨ ᠬᠤᠲᠠ ᠪᠤᠯᠤᠯᠲᠠᠢ᠃ 
ᠢᠷᠡᠯᠲᠡ᠄ ᠣᠭᠤᠨᠣᠰ ᠵᠢᠷᠭᠠᠯᠲᠦ