ᠵᠡᠭᠦᠨᠭᠠᠷ ᠬᠤᠰᠢᠭᠤᠨ ᠤ ᠳ᠋ᠠ ᠯᠦ ᠪᠠᠯᠭᠠᠰᠤ ᠶᠢᠨ ᠣᠶᠤᠨᠲᠤ ᠲᠠᠪᠴᠠᠩ ᠨᠢ ᠲᠣᠰᠬᠤᠨ ᠤ ᠠᠷᠠᠳ ᠤᠨ ︽ᠠᠯᠠᠭᠠᠨ ᠳᠡᠭᠡᠷᠡᠬᠢ ᠡᠷᠳᠡᠨᠢ︾ ᠪᠣᠯᠪᠠ
ᠨᠡᠶᠢᠲᠡᠯᠡᠭᠰᠡᠨ ᠴᠠᠭ᠄
2022/9/29
      ᠵᠡᠭᠦᠨᠭᠠᠷ ᠬᠤᠰᠢᠭᠤᠨ ᠤ ᠳ᠋ᠠ ᠯᠦ ᠪᠠᠯᠭᠠᠰᠤᠨ  ᠤ ᠲᠤᠭᠠᠴᠠᠯᠠᠬᠰᠠᠨ ᠰᠢᠶᠠᠩ ᠪᠠᠯᠭᠠᠰᠤᠨ ᠤ ᠣᠶᠤᠨᠲᠤ ᠲᠠᠪᠴᠠᠩ ᠨᠢ ᠺᠠᠳ᠋ᠷ ᠪᠠ ᠲᠣᠰᠬᠤᠨ ᠤ ᠠᠷᠠᠳ ᠤᠨ  ᠬᠤᠭᠤᠷᠣᠨᠳᠣᠬᠢ ᠵᠠᠢ ᠵᠠᠪᠰᠠᠷ  ᠢ ᠪᠠᠭᠠᠰᠬᠠᠵᠤ᠂ ᠲᠣᠰᠬᠤᠨ ᠤ ᠶᠡᠭᠡ ᠪᠠᠭ᠎ᠠ ᠶᠠᠪᠤᠳᠠᠯ  ᠢ ᠲᠣᠮᠣ ᠳ᠋ᠠᠶᠢᠲ᠋ᠠ ᠪᠠᠷ ᠳᠠᠮᠵᠢᠭᠤᠯᠤᠨ ᠲᠦᠷᠭᠡᠨ ᠰᠢᠢᠳᠪᠦᠷᠢᠯᠡᠵᠦ ᠴᠢᠳᠠᠬᠤ  ᠪᠣᠯᠪᠠ᠃ ᠣᠶᠤᠨᠲᠤ ᠲᠠᠪᠴᠠᠩ ᠨᠢ ᠲᠣᠰᠬᠤᠨ ᠤ ᠠᠷᠠᠳ ᠤᠨ ᠠᠰᠠᠭᠤᠳᠠᠯ ᠢ ᠰᠢᠢᠳᠪᠦᠷᠢᠯᠡᠬᠦ ︽ᠠᠯᠠᠭᠠᠨ ᠳᠡᠭᠡᠷᠡᠬᠢ ᠡᠷᠳᠡᠨᠢ︾ ᠪᠣᠯᠤᠭᠰᠠᠨ ᠪᠠᠶᠢᠨ᠎ᠠ᠃             ᠲᠦᠷᠦᠭᠦᠬᠡᠨ᠂ ᠵᠡᠭᠦᠨᠭᠠᠷ ᠬᠤᠰᠢᠭᠤᠨ ᠤ ᠳ᠋ᠠ ᠯᠦ ᠪᠠᠯᠭᠠᠰᠤᠨ  ᠳᠠᠬᠢ ᠲᠣᠰᠬᠤᠨ ᠤ ᠨᠢᠭᠡᠨ ᠵᠠᠮ ᠤᠨ ᠬᠠᠵᠠᠭᠤ ᠳᠤ ᠪᠦᠳᠦᠭᠦᠨ ᠮᠣᠳᠣ ᠰᠠᠯᠬᠢ ᠪᠣᠷᠣᠭᠠᠨ ᠳᠤ  ᠳᠠᠭᠠᠷᠢᠭᠳᠠᠨ ᠤᠨᠠᠭᠠᠳ ᠵᠠᠮ ᠢ ᠬᠠᠰᠢᠵᠤ ᠲᠣᠰᠬᠤᠨ ᠤ ᠠᠷᠠᠳ ᠤᠨ ᠶᠠᠪᠤᠵᠤ ᠰᠠᠭᠤᠬᠤ ᠶᠢ ᠬᠠᠷᠰᠢᠯᠠᠪᠠ᠃ ᠲᠣᠰᠬᠤᠨ ᠤ ᠠᠷᠠᠳ ᠸᠠᠩ ᠸᠧᠨ ᠯᠢᠶᠠᠩ ᠣᠯᠵᠤ  ᠦᠵᠡᠭᠡᠳ᠂ ᠳᠠᠷᠤᠶᠢᠬᠠᠨ ᠲᠤᠭᠠᠴᠠᠯᠠᠬᠰᠠᠨ ᠰᠢᠶᠠᠩ ᠪᠠᠯᠭᠠᠰᠤᠨ ᠤ ᠣᠶᠤᠨᠲᠤ ᠲᠠᠪᠴᠠᠩ  ᠢ ᠠᠰᠢᠭᠯᠠᠨ ᠲᠤᠰ ᠮᠡᠳᠡᠭᠡ ᠵᠠᠩᠭᠢ ᠶᠢ ᠳᠠᠮᠵᠢᠭᠤᠯᠤᠭᠰᠠᠨ ᠳᠤ᠂ ᠬᠠᠮᠢᠶ᠎ᠠ  ᠪᠦᠬᠦᠢ ᠰᠠᠯᠠᠭ᠎ᠠ ᠮᠥᠴᠢᠷ ᠤᠨ ᠬᠢᠨ ᠲᠡᠷᠡ ᠳᠠᠷᠤᠢ ᠳᠤᠨᠢ ᠬᠥᠮᠥᠨ ᠲᠣᠮᠢᠯᠠᠨ ᠢᠷᠡᠭᠦᠯᠵᠦ ᠲᠣᠮᠣ ᠮᠣᠳᠣ ᠶᠢ ᠨᠡᠭᠦᠯᠭᠡᠨ᠂ ᠵᠠᠮ ᠤᠨ ᠰᠠᠭᠠᠳ ᠦᠭᠡᠢ ᠨᠡᠪᠲᠡᠷᠡᠬᠦ ᠶᠢ  ᠪᠠᠲᠤᠯᠠᠭᠰᠠᠨ ᠪᠠᠶᠢᠨ᠎ᠠ᠃ ᠳ᠋ᠠ ᠯᠦ ᠪᠠᠯᠭᠠᠰᠤᠨ ᠤ ᠰᠢᠶᠣᠣ ᠲᠠᠨ ᠽᠢ ᠲᠣᠰᠬᠤᠨ ᠤ ᠠᠷᠠᠳ ᠸᠠᠩ ᠸᠧᠨ ᠯᠢᠶᠠᠩ ᠬᠡᠯᠡᠬᠦ  ᠳᠡᠭᠡᠨ᠄ ︽ᠡᠨᠡ ᠲᠠᠪᠴᠠᠩ ᠶᠡᠭᠡ ᠰᠠᠶᠢᠨ  ᠪᠠᠶᠢᠨ᠎ᠠ᠂ ᠪᠢᠳᠠ ᠰᠡᠭᠦᠳᠡᠷᠯᠡᠭᠡᠳ ᠲᠠᠪᠴᠠᠩ ᠳᠡᠭᠡᠷ᠎ᠡ ᠲᠠᠷᠬᠠᠭᠠᠬᠰᠠᠨ᠎ᠠ ᠵᠠᠰᠠᠭ ᠤᠨ ᠣᠷᠳᠣᠨ ᠤ ᠠᠵᠢᠯᠲᠠᠳ ᠲᠡᠷᠡ ᠳᠠᠷᠤᠢ ᠳᠤᠨᠢ ᠬᠦᠷᠴᠦ ᠢᠷᠡᠭᠡᠳ ᠡᠨᠡ ᠤᠴᠢᠷ ᠢ  ᠰᠢᠢᠳᠪᠦᠷᠢᠯᠡᠵᠦ ᠦᠭᠬᠦᠯ᠎ᠠ᠂ ᠢᠩᠭᠢᠬᠦᠯᠡᠷ ᠪᠤᠰᠤᠳ ᠶᠠᠪᠤᠳᠠᠯ ᠢ ᠴᠤ ᠰᠦᠯᠵᠢᠶᠡᠨ ᠤ ᠲᠠᠪᠴᠠᠩ ᠢᠶᠠᠷ ᠰᠢᠢᠳᠪᠦᠷᠢᠯᠡᠵᠦ ᠴᠢᠳᠠᠳᠠᠭ ᠪᠠᠶᠢᠨ᠎ᠠ︾ ᠭᠡᠵᠡᠢ᠃       ᠵᠡᠭᠦᠨᠭᠠᠷ ᠬᠤᠰᠢᠭᠤᠨ ᠤ ᠳ᠋ᠠ ᠯᠦ ᠪᠠᠯᠭᠠᠰᠤᠨ ᠤ ᠲᠤᠭᠠᠴᠠᠯᠠᠬᠰᠠᠨ ᠰᠢᠶᠠᠩ ᠪᠠᠯᠭᠠᠰᠤᠨ ᠤ ᠣᠶᠤᠨᠲᠤ ᠲᠠᠪᠴᠠᠩ ᠎ ᠨᠢ ᠲᠣᠰᠬᠤᠨ ᠤ ᠠᠷᠠᠳ  ᠲᠠᠭᠠᠨ ᠮᠠᠰᠢ  ᠶᠡᠭᠡ ᠬᠦᠷᠢᠶᠡᠯᠡᠭᠳᠡᠵᠦ᠂ ᠶᠡᠭᠡ ᠠᠴᠠ ᠎ ᠨᠢ ᠲᠣᠰᠬᠤᠨ ᠤ ᠠᠷᠠᠳ ᠤᠨ ᠭᠡᠷ ᠪᠠᠶᠢᠰᠢᠩ ᠤᠨ ᠲᠠᠯᠠᠪᠠᠶ᠂ ᠭᠠᠵᠠᠷ ᠰᠢᠷᠣᠢ ᠶᠢᠨ ᠪᠠᠶᠢᠳᠠᠯ᠂ ᠲᠠᠷᠢᠮᠠᠯ ᠲᠡᠵᠢᠭᠡᠪᠦᠷᠢ  ᠶᠢᠨ  ᠬᠡᠪᠴᠢᠶ᠎ᠡ ᠵᠡᠷᠭᠡ ᠮᠡᠳᠡᠭᠡ ᠵᠠᠩᠭᠢ᠂ ᠪᠠᠭ᠎ᠠ ᠠᠴᠠ ᠎ ᠨᠢ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠲᠠᠷᠢᠮᠠᠯ ᠤᠨ ᠲᠥᠷᠥᠯ ᠵᠦᠢᠯ ᠵᠡᠷᠭᠡ ᠠᠭᠤᠯᠭ᠎ᠠ ᠶᠢ ᠬᠦᠷᠲᠡᠯ᠎ᠡ  ᠴᠥᠮ ᠲᠣᠰ ᠲᠠᠪᠴᠠᠩ  ᠢᠶᠠᠷ ᠳᠠᠮᠵᠢᠭᠤᠯᠤᠨ ᠠᠰᠠᠭᠤᠨ ᠯᠠᠪᠯᠠᠵᠤ᠂ ᠬᠠᠷᠢᠭᠤ ᠲᠤᠰᠬᠠᠵᠤ ᠪᠣᠯᠣᠨ᠎ᠠ᠃ ᠣᠶᠤᠨᠲᠤ ᠲᠠᠪᠴᠠᠩ ᠢ ᠬᠡᠷᠡᠭᠯᠡᠬᠦ ᠳᠤ ᠬᠢᠯᠪᠡᠷ ᠪᠠᠶᠢᠵᠤ᠂ ᠴᠠᠭ  ᠲᠤᠬᠠᠢ ᠳᠤᠨᠢ ᠬᠠᠷᠢᠭᠤ ᠲᠤᠰᠬᠠᠯ ᠣᠯᠳᠠᠭ ᠪᠣᠯᠬᠤᠷ ᠲᠣᠰᠬᠤᠨ ᠤ ᠠᠷᠠᠳ ᠬᠡᠵᠢᠶ᠎ᠡ ᠬᠠᠮᠢᠭ᠎ᠠ ᠴᠤ ᠭᠡᠰᠡᠨ ᠭᠠᠷ ᠤᠲᠠᠰᠤᠨ ᠳᠡᠭᠡᠷ᠎ᠡ ᠪᠠᠨ ᠠᠵᠢᠯᠯᠠᠭᠤᠯᠵᠤ ᠪᠤᠯᠳᠠᠭ᠂  ᠡᠨᠡ ᠎ ᠨᠢ ᠦᠨᠳᠦᠰᠦᠨ ᠱᠠᠲᠤᠨ ᠤ ᠬᠠᠮᠢᠶᠠᠷᠤᠯᠲᠠ ᠳᠤ ᠶᠡᠬᠡᠬᠡᠨ ᠲᠦᠭᠦᠮ ᠦᠵᠡᠭᠦᠯᠵᠦ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠬᠠᠷᠢᠯᠴᠠᠨ  ᠳᠠᠮᠵᠢᠭᠤᠯᠬᠤ ᠶᠢ ᠰᠢᠯᠤᠭᠤᠳᠬᠠᠪᠠ᠃ ᠳ᠋ᠠ ᠯᠦ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ ᠴᠢᠶᠣᠤ ᠫᠧᠩ ᠬᠡᠯᠡᠬᠦ ᠳᠡᠭᠡᠨ᠄ ︽ᠲᠠᠪᠴᠠᠩ ᠨᠢ ᠤᠯᠠᠨ  ᠲᠤᠭ᠎ᠠ ᠪᠠᠷᠢᠮᠲᠠ ᠶᠢ ᠠᠭᠤᠰᠤᠯᠴᠠᠭᠤᠯᠵᠤ᠂ ᠪᠢᠳᠡᠨ ᠳᠤ ᠶᠡᠭᠡ ᠬᠡᠮᠵᠢᠶᠡᠨ ᠤ ᠬᠥᠮᠥᠨ ᠤ ᠬᠦᠴᠦᠨ ᠢ ᠠᠷᠪᠢᠯᠠᠵᠤ ᠥᠭᠭᠦᠭᠰᠡᠨ ᠪᠣᠯᠬᠤᠷ ᠪᠢᠳᠡ ᠶᠠᠮᠠᠷ ᠴᠤ ᠵᠣᠷᠢᠯᠭ᠎ᠠ  ᠦᠭᠡᠢ ᠪᠠᠷ ᠠᠶᠢᠯ ᠲᠣᠰᠬᠤᠨ ᠳᠤ ᠪᠠᠭᠤᠵᠤ ᠡᠷᠦᠬᠡ ᠳᠠᠷᠠᠭᠠᠯᠠᠨ ᠪᠠᠶᠢᠴᠠᠭᠠᠬᠤ ᠴᠢᠬᠤᠯᠠ ᠦᠭᠡᠢ ᠪᠣᠯᠵᠠᠢ᠂ ᠳᠠᠷᠠᠭᠠᠴᠢ ᠶᠢᠨ ᠠᠯᠬᠤᠮ ᠳᠤ ᠮᠠᠨ ᠤ ᠠᠵᠢᠯᠲᠠᠨ ᠤ  ᠬᠠᠮᠢᠶᠠᠷᠤᠯᠲᠠ ᠪᠣᠯᠣᠨ ᠣᠨᠴᠠ ᠬᠦᠴᠢᠷᠳᠡᠯᠲᠡᠢ ᠡᠷᠦᠬᠡ  ᠶᠢ ᠬᠠᠪᠰᠤᠷᠤᠨ ᠲᠡᠳᠬᠦᠬᠦ ᠳᠤ ᠮᠠᠰᠢ ᠳᠥᠭᠦᠮ ᠪᠣᠯᠤᠭᠰᠠᠨ ᠪᠠᠶᠢᠨ᠎ᠠ᠂ ᠡᠭᠦᠨ ᠤ ᠬᠠᠮᠲᠤ ᠳᠣᠲᠣᠭᠠᠳᠤ ᠶᠢ  ᠬᠠᠮᠠᠭᠠᠯᠠᠬᠤ ᠮᠡᠷᠭᠡᠵᠢᠯ ᠤᠨ ᠰᠡᠷᠭᠡᠶᠢᠯᠡᠯᠲᠡ ᠶᠢᠨ ᠲᠠᠯ᠎ᠠ  ᠶᠢᠨ ᠎ ᠬᠢᠨ ᠴᠤ ᠪᠢᠳᠡᠨ ᠲᠠᠢ ᠬᠤᠯᠪᠤᠭᠠᠯᠠᠨ ᠮᠡᠳᠡᠭᠡ ᠵᠠᠩᠭᠢ  ᠪᠠᠨ ᠬᠠᠮᠲᠤ ᠪᠠᠷ ᠡᠳ᠋ᠯᠡᠵᠦ᠂ ᠳᠣᠲᠣᠭᠠᠳᠤ ᠶᠢ  ᠬᠠᠮᠠᠭᠠᠯᠠᠬᠤ ᠺᠠᠳ᠋ᠷ ᠴᠠᠭᠳᠠᠭ᠎ᠠ ᠶᠢᠨ ᠡᠳᠦᠷ ᠲᠤᠲᠤᠮ ᠤᠨ ᠡᠷᠦᠬᠡ ᠳᠤ ᠣᠷᠣᠵᠤ ᠪᠠᠶᠢᠴᠠᠭᠠᠬᠤ ᠳᠤ ᠮᠠᠰᠢ ᠰᠠᠶᠢᠨ ᠳᠡᠮᠵᠢᠯᠭᠡ ᠦᠵᠡᠭᠦᠯᠵᠦ ᠪᠠᠶᠢᠨ᠎ᠠ︾ ᠭᠡᠵᠡᠢ᠃       ᠳ᠋ᠠ ᠯᠦ ᠪᠠᠯᠭᠠᠰᠤᠨ ᠤ ᠬᠢᠨ ᠠᠮᠤᠷ ᠲᠦᠪᠰᠢᠨ ᠤ ᠪᠠᠶᠢᠭᠤᠯᠤᠯᠲᠠ᠂ ᠲᠠᠷᠢᠶᠠᠯᠠᠩ ᠠᠵᠤ ᠠᠬᠤᠢ ᠶᠢᠨ ᠪᠦᠲᠦᠭᠡᠨ ᠪᠠᠶᠢᠭᠤᠯᠤᠯᠲᠠ᠂ ᠭᠡᠷ ᠪᠠᠶᠢᠰᠢᠩ ᠢ  ᠶᠡᠷᠦᠩᠬᠡᠶᠢᠯᠡᠨ ᠵᠠᠰᠠᠬᠤ ᠪᠦᠲᠦᠭᠡᠨ ᠪᠠᠶᠢᠭᠤᠯᠤᠯᠲᠠ ᠵᠡᠷᠭᠡ ᠠᠭᠤᠯᠭ᠎ᠠ ᠶᠢ ᠲᠤᠭᠠᠴᠠᠯᠠᠬᠰᠠᠨ ᠰᠢᠶᠠᠩ ᠪᠠᠯᠭᠠᠰᠤᠨ ᠤ ᠣᠶᠤᠨᠲᠤ ᠲᠠᠪᠴᠠᠩ ᠳᠤ ᠠᠭᠤᠰᠤᠯᠴᠠᠭᠤᠯᠵᠤ᠂  ᠬᠠᠮᠲᠤ  ᠳᠤ ᠎ ᠨᠢ ᠪᠦᠬᠦ ᠪᠠᠯᠭᠠᠰᠤᠨ ᠤ ᠴᠢᠬᠤᠯᠠ ᠵᠠᠮ ᠤᠨ ᠪᠣᠭᠤᠮᠲᠠ ᠵᠢᠴᠢ ᠲᠣᠰᠬᠤᠨ ᠤ ᠳᠣᠲᠣᠷ᠎ᠠ ᠵᠠᠭᠤ ᠵᠢᠷᠠ ᠭᠠᠷᠤᠢ ᠬᠢᠨᠠᠨ ᠡᠵᠡᠮᠳᠡᠬᠦᠷ  ᠤᠨ ᠰᠡᠭᠦᠳᠡᠷᠯᠡᠬᠦ  ᠮᠠᠰᠢᠨ ᠤᠭᠰᠠᠷᠠᠭᠤᠯᠵᠤ᠂ ᠡᠩ  ᠤᠨ ᠦᠶ᠎ᠡ ᠶᠢᠨ ᠨᠡᠶᠢᠭᠡᠮ ᠤᠨ ᠵᠠᠰᠠᠯᠲᠠ᠂ ᠠᠮᠤᠷ ᠲᠦᠪᠰᠢᠨ ᠢᠶᠠᠷ ᠭᠠᠳᠠᠭᠰᠢ ᠭᠠᠷᠬᠤ ᠲᠠᠯ᠎ᠠ ᠳᠤ ᠪᠦᠬᠦ ᠲᠠᠯ᠎ᠠ ᠶᠢᠨ ᠬᠢᠨᠠᠨ  ᠬᠠᠮᠢᠶᠠᠷᠤᠯᠲᠠ ᠬᠢᠵᠡᠢ᠃ ᠳ᠋ᠠ ᠯᠦ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ ᠴᠢᠶᠣᠤ ᠫᠧᠩ ᠬᠡᠯᠡᠬᠦ ᠳᠡᠭᠡᠨ᠄ ︽ᠡᠭᠦᠨ ᠤ ᠳᠠᠭᠠᠤ ᠳᠤ ᠵᠠᠷᠢᠮ ᠡᠪᠡᠳᠴᠢᠨ  ᠵᠤᠪᠠᠯᠠᠩ  ᠲᠠᠢ ᠵᠡᠮᠳᠡᠭ ᠪᠠᠭᠤᠷᠠᠢ ᠭᠤᠣᠯᠳᠠᠯᠭ᠎ᠠ ᠲᠠᠢ ᠡᠷᠦᠬᠡ ᠳᠤ ᠰᠡᠷᠡᠯ ᠤᠨ ᠲᠥᠬᠦᠭᠡᠷᠦᠮᠵᠢ ᠤᠭᠰᠠᠷᠠᠭᠤᠯᠵᠤ᠂ ᠬᠡᠷᠪᠡ ᠭᠡᠷ ᠲᠤᠨᠢ ᠣᠨᠴᠠᠭᠠᠶ ᠠᠳᠡᠯ ᠭᠠᠷᠬᠤ  ᠳᠤ  ᠬᠦᠷᠪᠡᠯ ᠴᠠᠭ ᠳᠠᠷᠤᠢ ᠎ ᠳᠤᠨᠢ ᠮᠠᠨ ᠤ ᠲᠣᠮᠣ ᠳᠡᠯᠭᠡᠴᠡ ᠤᠷᠤᠭᠤ ᠳᠠᠮᠵᠢᠭᠤᠯᠤᠭᠳᠠᠨ᠎ᠠ᠂ ᠮᠠᠨ ᠤ ᠲᠠᠪᠴᠠᠩ ᠎ ᠨᠢ ᠬᠠᠷᠢᠶᠠᠲᠤ ᠭᠠᠵᠠᠷ ᠤᠨ ᠰᠦᠯᠵᠢᠶᠡᠨ ᠤ  ᠠᠵᠢᠯᠲᠠᠨ ᠳᠤ ᠴᠠᠭ ᠳᠠᠷᠤᠢ ᠳᠤᠨᠢ ᠮᠡᠳᠡᠭᠳᠡᠪᠡᠯ᠂ ᠲᠡᠭᠦᠨ ᠤ ᠪᠣᠳᠠᠲᠠᠢ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ ᠥᠭᠭᠦᠨ᠎ᠡ︾ ᠭᠡᠵᠡᠢ᠃
ᠢᠷᠡᠯᠲᠡ᠄ ᠤᠷᠳᠤᠰ ᠤᠨ ᠮᠤᠩᠭᠤᠯ ᠭᠡᠯᠡᠨ ᠤ ᠰᠤᠨᠢᠨ ᠮᠡᠳᠡᠭᠡᠨ ᠤ ᠰᠦᠯᠵᠢᠶ᠎ᠡ