ᠬᠠᠮᠲᠤ ᠶᠢᠨ ᠠᠵᠤ ᠠᠬᠤᠢ ᠪᠠᠷ ᠰᠢᠨ᠎ᠡ ᠬᠥᠳᠡᠭᠡ ᠲᠤᠰᠬᠤᠨ ᠢ ᠬᠥᠭᠵᠢᠭᠦᠯᠦᠨ᠎ᠡ
ᠨᠡᠶᠢᠲᠡᠯᠡᠭᠰᠡᠨ ᠴᠠᠭ᠄
2022/9/30
      ᠣᠶᠢᠷ᠎ᠠ ᠶᠢᠨ ᠵᠢᠯ ᠠᠴᠠ ᠡᠵᠡᠨ ᠬᠤᠷᠤᠭ᠎ᠠ ᠬᠤᠰᠢᠭᠤᠨ ᠤ ᠤᠯᠠᠭᠠᠨᠮᠥ᠋ᠷᠡᠨ ᠪᠠᠯᠭᠠᠰᠤᠨ ᠤ ᠬᠤᠷᠤᠬᠠᠶᠢᠲᠤ ᠲᠣᠰᠬᠤᠨ ᠨᠠᠮ ᠤᠨ ᠪᠠᠶᠢᠭᠤᠯᠤᠯᠲᠠ ᠪᠠᠷ ᠤᠳᠤᠷᠢᠳᠤᠮᠵᠢ ᠪᠤᠯᠭᠠᠵᠤ᠂ ᠲᠣᠰᠬᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠦᠭᠡᠳ᠂ ᠦᠭᠡᠢ ᠠᠴᠠ ᠪᠠᠶᠢᠬᠤ᠂ ᠪᠠᠭᠤᠷᠠᠢ ᠠᠴᠠ ᠬᠦᠴᠦᠷᠬᠡᠭ ᠪᠣᠯᠬᠤ ᠬᠥᠭᠵᠢᠯᠲᠡ ᠶᠢ ᠪᠡᠶᠡᠯᠡᠭᠦᠯᠪᠡ᠃ ᠣᠷᠴᠢᠮ ᠬᠤᠷᠤᠬᠠᠶᠢᠲᠤ ᠲᠣᠰᠬᠤᠨ ᠤ ᠬᠠᠮᠲᠤ ᠶᠢᠨ ᠠᠵᠤ ᠠᠬᠤᠢ ᠶᠢᠨ ᠲᠡᠵᠢᠭᠡᠨ ᠦᠷᠡᠵᠢᠭᠦᠯᠵᠦ ᠪᠠᠶᠢᠭ᠎ᠠ ᠤᠰᠤᠨ ᠭᠠᠷᠤᠯᠲᠠ ᠡᠯᠪᠡᠭ ᠬᠤᠷᠢᠶᠠᠯᠲᠠ ᠣᠯᠵᠤ᠂ ᠲᠣᠰᠬᠤᠨ ᠤ ᠠᠷᠠᠳ ᠵᠢᠭᠠᠰᠤᠨ ᠴᠥᠭᠦᠷᠥᠮ ᠳᠤ ᠢᠷᠡᠵᠦ ᠲᠣᠣᠷ ᠢᠶᠠᠨ ᠬᠠᠶᠠᠵᠤ ᠵᠢᠭᠠᠰᠤ ᠱᠦᠭᠦᠨ ᠶᠠᠭᠠᠷᠠᠯᠳᠤᠨ᠎ᠠ᠃       ᠬᠤᠷᠤᠬᠠᠶᠢᠲᠤ ᠲᠣᠰᠬᠤᠨ ᠤ ᠭᠠᠵᠠᠷ ᠤᠨ ᠪᠠᠶᠢᠴᠠ ᠳᠣᠪᠣᠷᠬᠠᠭ᠂ ᠭᠤᠤ ᠭᠠᠩᠭ᠎ᠠ ᠪᠠᠷ ᠭᠤᠣᠯᠯᠠᠵᠤ᠂ ᠤᠷᠭᠤᠮᠠᠯ ᠤᠨ ᠬᠤᠴᠢᠯᠭ᠎ᠠ ᠨᠡᠯᠢᠶᠡᠳ ᠰᠠᠶᠢᠨ ᠪᠠᠶᠢᠳᠠᠭ ᠃ ᠪᠥᠬᠦ ᠲᠣᠰᠬᠤᠨ ᠳᠤ 4608 ᠮᠦ ᠲᠠᠷᠢᠶᠠᠨ ᠭᠠᠵᠠᠷ ᠲᠠᠢ᠂ ᠡᠭᠦᠨ ᠳᠤ ᠤᠰᠤᠨ ᠲᠠᠷᠢᠶ᠎ᠠ 1020 ᠮᠦ᠂ ᠬᠠᠳᠤᠯᠠᠩ ᠪᠡᠯᠴᠢᠭᠡᠷ 40652 ᠮᠦ ᠪᠣᠶ᠃ ᠲᠣᠰ ᠲᠣᠰᠬᠤᠨ ᠡᠷᠬᠢᠨ ᠲᠣᠭᠤᠷᠢᠨ ᠤ ᠡᠬᠢ ᠪᠠᠶᠠᠯᠢᠭ ᠲᠠᠭᠠᠨ ᠲᠦᠰᠢᠭᠯᠡᠨ᠂ ᠨᠠᠮ ᠤᠨ ᠡᠭᠦᠷ ᠤᠨ ᠪᠠᠶᠢᠭᠤᠯᠤᠯᠲᠠ ᠪᠠᠷ ᠤᠳᠤᠷᠢᠳᠤᠮᠵᠢ ᠪᠣᠯᠭᠠᠵᠤ᠂ ᠪᠣᠬᠢᠷᠳᠤᠯ ᠦᠭᠡᠢ ᠠᠮᠢ ᠠᠬᠤᠢ ᠶᠢᠨ ᠠᠵᠤ ᠦᠢᠯᠡᠰ ᠢ ᠢᠳᠡᠪᠬᠢᠲᠡᠢ ᠬᠥᠭᠵᠢᠭᠦᠯᠦᠨ᠂ ᠲᠣᠰᠬᠤᠨ ᠤ ᠱᠠᠲᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠠᠷᠭ᠎ᠠ ᠵᠠᠮ ᠢ ᠨᠡᠭᠡᠭᠡᠭᠰᠡᠨ ᠪᠠᠶᠢᠨ᠎ᠠ᠃ ᠲᠤᠰᠬᠤᠨ ᠤ ᠨᠢᠭᠡᠳᠦᠭᠡᠷ ᠱᠦᠵᠢ ᠶᠠᠩ ᠰᠢᠶᠣᠣ ᠵᠢᠶᠦ᠋ᠨ᠄ ︽ᠮᠠᠨ ᠤ ᠲᠣᠰᠬᠤᠨ 2020 ᠣᠨ ᠠᠴᠠ 40 ᠮᠦ ᠵᠢᠭᠠᠰᠤᠨ ᠴᠥᠭᠦᠷᠥᠮ ᠢ ᠬᠠᠮᠲᠤ ᠪᠠᠷ ᠬᠠᠮᠢᠶᠠᠷᠤᠨ ᠡᠵᠡᠩᠨᠡᠵᠦ᠂ ᠠᠮᠤᠷ ᠵᠢᠭᠠᠰᠤ᠂ ᠮᠥᠷᠭᠦ ᠵᠢᠭᠠᠰᠤ ᠵᠡᠷᠭᠡ ᠶᠢ ᠲᠡᠵᠢᠭᠡᠭᠡᠳ ᠨᠢᠭᠡᠳᠦᠭᠡᠷ ᠵᠢᠯ ᠲᠦᠮᠡᠨ ᠵᠢᠩ ᠰᠢᠬᠠᠮ ᠵᠢᠭᠠᠰᠤ ᠬᠤᠳᠠᠯᠳᠤᠵᠤ᠂ ᠣᠷᠣᠯᠭ᠎ᠠ ᠨᠢ 25 ᠲᠦᠮᠡᠨ ᠲᠥᠭᠦᠷᠢᠭ ᠲᠤ ᠬᠦᠷᠴᠦ᠂ ᠨᠢᠳᠤᠨᠤᠨ 3 ᠲᠦᠮᠡᠨ ᠵᠢᠩ ᠬᠤᠳᠠᠯᠳᠤᠵᠤ᠂ ᠣᠷᠣᠯᠭ᠎ᠠ ᠨᠢ 75 ᠲᠦᠮᠡᠨ ᠲᠥᠭᠦᠷᠢᠭ ᠲᠤ ᠬᠦᠷᠴᠡᠢ᠃ ᠡᠨᠡ ᠵᠢᠯ ᠪᠠᠷᠤᠭ 4 ᠲᠦᠮᠡᠨ ᠵᠢᠩ ᠬᠤᠳᠠᠯᠳᠤᠵᠤ᠂ ᠣᠷᠣᠯᠭ᠎ᠠ ᠨᠢ ᠵᠢᠱᠢᠯᠲᠡ ᠪᠠᠷ ᠵᠠᠭᠤᠨ ᠲᠦᠮᠡᠨ ᠲᠥᠭᠦᠷᠢᠭ ᠢ ᠳᠠᠪᠠᠭᠤ ᠪᠣᠯᠣᠨ᠎ᠠ︾ ᠭᠡᠪᠡ᠃       ︽ᠲᠣᠰᠬᠤᠨ ᠤ ᠡᠯ᠎ᠡ ᠵᠦᠢᠯ ᠤᠨ ᠠᠵᠢᠯ ᠳᠤ ᠰᠠᠨᠠᠭᠠᠴᠢᠯᠠᠭ᠎ᠠ ᠠᠴᠠ ᠪᠠᠨ ᠬᠠᠮᠵᠢᠯᠴᠠᠬᠤ ᠬᠡᠷᠡᠭᠲᠡᠢ︾᠂ ︽ᠲᠣᠰᠬᠤᠨ ᠤ ᠬᠦᠴᠢᠷᠳᠡᠯᠲᠡᠢ ᠬᠥᠮᠥᠰ ᠲᠤ ᠰᠠᠨᠠᠭᠠᠴᠢᠯᠠᠭ᠎ᠠ ᠠᠴᠠ ᠪᠠᠨ ᠬᠠᠪᠰᠤᠷᠤᠯᠭ᠎ᠠ ᠦᠵᠡᠭᠦᠯᠬᠦ ᠬᠡᠷᠡᠭᠲᠡᠢ︾᠂ ︽ᠰᠠᠶᠢᠨ ᠳᠤᠷ᠎ᠠ ᠠᠴᠠ ᠪᠠᠨ ᠠᠯᠪᠠᠨ ᠵᠢᠷᠤᠮ ᠤᠨ ᠬᠥᠳᠡᠯᠮᠦᠷᠢ ᠳᠤ ᠣᠷᠤᠯᠴᠠᠬᠤ ᠬᠡᠷᠡᠭᠲᠡᠢ︾ ᠁ ᠬᠤᠷᠤᠬᠠᠶᠢᠲᠤ ᠲᠣᠰᠬᠤᠨ ᠤ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠬᠤᠪᠢ ᠬᠤᠷᠠᠮᠳᠤᠭᠤᠯᠬᠤ ᠬᠡᠲᠦ ᠳᠡᠯᠭᠡᠭᠦᠷ ᠲᠤ ᠡᠯ᠎ᠡ ᠵᠦᠢᠯ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠱᠠᠩᠨᠠᠯ ᠬᠥᠬᠢᠭᠦᠯᠦ᠋ᠯ ᠤᠨ ᠳᠦᠷᠢᠮ ᠢᠯᠡ ᠬᠠᠷᠠᠭᠳᠠᠨ᠎ᠠ᠃       ᠬᠤᠷᠤᠬᠠᠶᠢᠲᠤ ᠲᠣᠰᠬᠤᠨ ᠴᠡᠭ ᠢᠶᠠᠷ ᠨᠡᠶᠢᠳᠡᠮ ᠢ ᠳᠠᠶᠢᠴᠢᠯᠠᠵᠤ᠂ ᠠᠶᠢᠯ ᠡᠷᠦᠬᠡ ᠪᠣᠯᠭᠠᠨ ᠤᠬᠠᠮᠰᠠᠷ ᠠᠴᠠ ᠪᠠᠨ ᠬᠥᠳᠡᠯᠦ᠋ᠯᠴᠡᠵᠦ᠂ ᠡᠷᠦᠬᠡ ᠪᠦᠷᠢ ᠬᠠᠷᠢᠯᠴᠠᠨ ︽ᠠᠳᠠᠯᠢᠳᠬᠠᠨ ᠠᠵᠢᠯᠯᠠᠵᠤ︾᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠰᠢᠨ᠎ᠡ ᠳᠦᠷᠰᠦ ᠪᠠᠶᠢᠳᠠᠯ ᠢ ᠪᠣᠶ ᠪᠣᠯᠭᠠᠪᠠ᠃       ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠲᠣᠰᠬᠤᠨ ᠤ ᠳᠦᠷᠰᠦ ᠪᠠᠶᠢᠳᠠᠯ ᠢ ᠰᠠᠶᠢᠵᠢᠷᠠᠭᠤᠯᠵᠤ᠂ ᠠᠷᠠᠳ ᠤᠨ ᠵᠣᠯ ᠵᠢᠷᠭᠠᠯᠲᠤ ᠲᠥᠷᠥᠭᠳᠡᠯ ᠢ ᠨᠡᠮᠡᠭᠳᠡᠭᠦᠯᠬᠦ ᠶᠢᠨ ᠲᠥᠯᠥ᠋ᠭᠡ ᠬᠤᠷᠤᠬᠠᠶᠢᠲᠤ ᠲᠣᠰᠬᠤᠨ 70 ᠭᠠᠷᠤᠢ ᠲᠦᠮᠡᠨ ᠲᠥᠭᠦᠷᠢᠭ ᠤᠨ ᠪᠡᠯᠡ ᠣᠷᠣᠭᠤᠯᠵᠤ᠂ 200 ᠭᠠᠷᠤᠢ ᠲᠡᠭᠰᠢ ᠳᠥᠷᠪᠡᠯᠵᠢᠨ ᠮᠧᠲᠷ ᠲᠣᠰᠬᠤᠨ ᠤ ᠠᠵᠢᠯᠯᠠᠭᠠᠨ ᠤ ᠲᠠᠰᠤᠭ ᠢ ᠰᠢᠨ᠎ᠡ ᠪᠠᠷ ᠥᠷᠭᠡᠳᠬᠡᠨ ᠪᠠᠶᠢᠭᠤᠯᠵᠤ᠂ 6 ᠲᠦᠮᠡ ᠭᠠᠷᠤᠢ ᠲᠥᠭᠦᠷᠢᠭ ᠤᠨ ᠪᠡᠯᠡ ᠣᠷᠣᠭᠤᠯᠤᠨ᠂ ᠵᠠᠮ ᠤᠨ ᠳ᠋ᠧᠩ ᠤᠭᠰᠠᠷᠠᠵᠤ᠂ ᠡᠪᠳᠡᠷᠡᠵᠦ ᠰᠦᠢᠳᠦᠭᠰᠡᠨ ᠵᠠᠮ ᠢ ᠰᠡᠯᠪᠢᠨ ᠵᠠᠰᠠᠪᠠ᠃ 2020 ᠣᠨ ᠠᠴᠠ ᠶᠡᠭᠡ ᠳᠡᠭᠡᠳᠦ ᠰᠤᠷᠭᠠᠭᠤᠯᠢ ᠳᠤ ᠣᠷᠣᠭᠰᠠᠨ ᠣᠶᠤᠲᠠᠳ ᠲᠤ ᠬᠥᠮᠥᠨ ᠪᠦᠷᠢ ᠳᠤ 1000 ᠲᠥᠭᠦᠷᠢᠭ ᠲᠤᠰᠠᠯᠠᠵᠤ᠂ 2021 ᠣᠨ ᠳᠤ 70 ᠨᠠᠰᠤᠨ ᠠᠴᠠ ᠳᠡᠭᠡᠭᠰᠢᠬᠢ 68 ᠨᠠᠰᠤᠲᠠᠨ ᠳᠤ ᠡᠮ ᠡᠮᠨᠡᠯᠭᠡ ᠶᠢᠨ ᠳᠠᠭᠠᠳᠬᠠᠯ ᠲᠤᠰᠢᠶᠠᠵᠤ ᠥᠭᠪᠡ᠃ ᠬᠤᠷᠤᠬᠠᠶᠢᠲᠤ ᠲᠣᠰᠬᠤᠨ ᠳᠡᠭᠡᠳᠦ ᠱᠠᠲᠤᠨ ᠤ ᠰᠠᠯᠠᠭ᠎ᠠ ᠮᠥᠴᠢᠷ ᠠᠴᠠ 43 ᠲᠦᠮᠡᠨ ᠲᠥᠭᠦᠷᠢᠭ ᠤᠨ ᠪᠡᠯᠡ ᠮᠥᠩᠭᠦ ᠣᠯᠵᠤ᠂ ᠥᠪᠡᠰᠦᠪᠡᠨ 6 ᠲᠦᠮᠡᠨ ᠲᠥᠭᠦᠷᠢᠭ ᠴᠤᠭᠯᠠᠭᠤᠯᠵᠤ᠂ 6.2 ᠺᠢᠯᠣᠮᠧᠲᠷ ᠤᠨ ᠬᠠᠶᠢᠷ ᠴᠢᠯᠠᠭᠤᠨ ᠵᠠᠮ ᠢ ᠰᠢᠨ᠎ᠡ ᠪᠠᠷ ᠵᠠᠰᠠᠪᠠ᠃       ᠬᠥᠳᠡᠭᠡ ᠲᠣᠰᠬᠤᠨ ᠤ ᠪᠠᠶᠠᠨ ᠡᠰᠡᠬᠦ ᠶᠢᠨ ᠵᠠᠩᠭᠢᠯᠠᠭ᠎ᠠ ᠨᠢ ᠨᠠᠮ ᠤᠨ ᠡᠭᠦᠷ ᠲᠤ ᠪᠠᠶᠢᠨ᠎ᠠ᠂ ᠬᠠᠮᠲᠤ ᠨᠡᠶᠢᠲᠡ ᠶᠢᠨ ᠬᠦᠴᠦᠷᠬᠡᠭ ᠡᠰᠡᠬᠦ ᠨᠢ ᠳᠠᠭᠠᠭᠤᠯᠤᠭᠴᠢ ᠳᠤ ᠪᠠᠶᠢᠨ᠎ᠠ᠃ ᠥᠨᠥᠳᠥᠷ ᠬᠤᠷᠤᠬᠠᠶᠢᠲᠤ ᠲᠣᠰᠬᠤᠨ ᠤ ᠠᠵᠤ ᠦᠢᠯᠡᠰ ᠬᠥᠭᠵᠢᠨ᠂ ᠠᠷᠠᠳ ᠤᠨ ᠠᠮᠢᠳᠤᠷᠠᠯ ᠴᠢᠨᠡᠭᠡᠯᠢᠭᠵᠢᠵᠦ᠂ ᠰᠢᠨ᠎ᠡ ᠬᠥᠳᠡᠭᠡ ᠲᠣᠰᠬᠤᠨ ᠤ ᠳᠦᠷᠰᠦ ᠪᠠᠶᠢᠳᠠᠯ ᠢᠳᠡᠭ ᠢᠳᠡᠭ ᠢᠶᠠᠷ ᠪᠡᠶᠡᠯᠡᠭᠳᠡᠵᠦ ᠪᠠᠶᠢᠨ᠎ᠠ᠃ ᠬᠤᠷᠤᠬᠠᠶᠢᠲᠤ ᠲᠣᠰᠬᠤᠨ ᠤᠷᠢᠳ ᠬᠤᠵᠢᠳ ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤᠨ ᠤ ᠡᠷᠡᠭᠦᠯ ᠬᠠᠮᠠᠭᠠᠯᠠᠯ ᠤᠨ ᠲᠣᠰᠬᠤᠨ᠂ ᠪᠣᠯᠪᠠᠰᠤᠨ ᠭᠠᠴᠠᠭ᠎ᠠ ᠲᠣᠰᠬᠤᠨ ᠢᠶᠠᠷ ᠨᠡᠷᠡᠶᠢᠳᠦᠭᠳᠡᠵᠦ᠂ ᠲᠣᠰᠬᠤᠨ ᠤ ᠨᠠᠮ ᠤᠨ ᠡᠭᠦᠷ ᠨᠢ ᠬᠤᠰᠢᠭᠤᠨ ᠤ ᠵᠣᠬᠢᠶᠠᠨ ᠪᠠᠶᠢᠭᠤᠯᠬᠤ ᠬᠡᠯᠲᠡᠰ ᠲᠤ ︽ᠠᠷᠪᠠᠨ ᠣᠳᠣᠨ ᠲᠠᠰ ᠤᠨ ᠨᠠᠮ ᠤᠨ ᠡᠭᠦᠷ︾᠎ ᠢᠶᠠᠷ ᠨᠡᠷᠡᠶᠢᠳᠦᠭᠳᠡᠵᠡᠢ᠃
ᠢᠷᠡᠯᠲᠡ᠄ ᠤᠷᠳᠤᠰ ᠤᠨ ᠮᠤᠩᠭᠤᠯ ᠭᠡᠯᠡᠨ ᠤ ᠰᠤᠨᠢᠨ ᠮᠡᠳᠡᠭᠡᠨ ᠤ ᠰᠦᠯᠵᠢᠶ᠎ᠡ