1 —7 ᠰᠠᠷ᠎ᠠ ᠳᠤ ᠡᠯ᠎ᠡ ᠬᠤᠰᠢᠭᠤ ᠲᠤᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠨᠢ ︽ᠳᠥᠷᠪᠡᠨ ᠥᠨᠳᠥᠷ ᠬᠤᠶᠠᠷ ᠲᠡᠭᠰᠢ ᠭᠤᠷᠪᠠᠨ ᠳᠣᠣᠷ᠎ᠠ︾ ᠪᠠᠶᠢᠳᠠᠯ ᠢᠯᠡᠷᠡᠪᠡ
ᠨᠡᠶᠢᠲᠡᠯᠡᠭᠰᠡᠨ ᠴᠠᠭ᠄
2022/9/5
    1 — 7 ᠰᠠᠷ᠎ᠠ ᠳᠤ᠂ ᠪᠥᠬᠦ ᠬᠤᠲᠠ ᠶᠢᠨ 529 ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠠᠳᠠᠯᠢ ᠬᠤᠭᠤᠴᠠᠭᠠᠨ ᠤ ᠬᠢ ᠠᠴᠠ 9.7%᠎ ᠪᠠᠷ ᠨᠡᠮᠡᠭᠳᠡᠵᠦ᠂ 1 —6 ᠰᠠᠷ᠎ᠠ ᠶᠢᠨ ᠨᠡᠮᠡᠭᠳᠡᠯ ᠤᠨ ᠬᠤᠷᠳᠤᠴᠠ ︵9.1%︶᠎  ᠪᠠᠶᠢᠵᠤ᠂ ᠵᠠᠭᠤᠨ ᠤ ᠬᠤᠪᠢ ᠶᠢᠨ ᠬᠠᠷᠢᠴᠠᠯ ᠢᠶᠠᠷ 0.6 ᠳᠡᠭᠡᠭᠰᠢᠯᠡᠵᠤ᠂ ᠪᠥᠬᠦ ᠤᠯᠤᠰ ᠤᠨ ᠨᠡᠮᠡᠭᠳᠡᠯ ᠤᠨ ᠬᠤᠷᠳᠤᠴᠠ ᠠᠴᠠ  ᠵᠠᠭᠤᠨ ᠤ ᠬᠤᠪᠢ ᠶᠢᠨ ᠬᠠᠷᠢᠴᠠᠯ ᠢᠶᠠᠷ 6.2 ᠥᠨᠳᠥᠷ ᠪᠠᠶᠢᠵᠤ᠂ ᠪᠥᠬᠦ ᠣᠷᠣᠨ ᠤ ᠨᠡᠮᠡᠭᠳᠡᠯ ᠤᠨ ᠬᠤᠷᠳᠤᠴᠠ ᠠᠴᠠ ᠵᠠᠭᠤᠨ ᠤ ᠬᠤᠪᠢ ᠶᠢᠨ ᠬᠠᠷᠢᠴᠠᠯ ᠢᠶᠠᠷ 1.1  ᠥᠨᠳᠥᠷ ᠪᠤᠯᠵᠤ᠂ ᠪᠥᠬᠦ ᠣᠷᠣᠨ ᠤ ᠳᠥᠷᠪᠡᠳᠦᠭᠡᠷ ᠲᠤ ᠣᠷᠣᠵᠤ᠂ ᠶᠡᠷᠦᠩᠬᠡᠢ ᠨᠡᠮᠡᠭᠳᠡᠯ ᠤᠨ ᠬᠤᠷᠳᠤᠴᠠ ᠲᠣᠭᠲᠠᠭᠤᠨ ᠢᠶᠠᠷ ᠨᠡᠮᠡᠭᠳᠡᠬᠦ ᠶᠢ ᠪᠠᠲᠤᠯᠠᠪᠠ᠃     1 —7 ᠰᠠᠷ᠎ᠠ ᠳᠤ᠂ ᠪᠥᠬᠦ ᠬᠤᠲᠠ ᠶᠢᠨ ᠡᠯ᠎ᠡ ᠬᠤᠰᠢᠭᠤ ᠲᠣᠭᠤᠷᠢᠭ ᠤᠨ ᠣᠷᠣᠨ  ᠪᠦᠰᠡ ᠶᠢᠨ ᠢᠯᠭᠠᠷᠠᠯ ᠮᠡᠳᠡᠭᠳᠡᠭᠦᠶᠢᠴᠡ ᠪᠠᠶᠢᠵᠤ᠂ ᠨᠡᠮᠡᠭᠳᠡᠯ ᠤᠨ ᠬᠤᠷᠳᠤᠴᠠ ᠨᠢ ︽ᠳᠥᠷᠪᠡᠨ ᠥᠨᠳᠥᠷ ᠬᠤᠶᠠᠷ ᠲᠡᠭᠰᠢ ᠭᠤᠷᠪᠠᠨ ᠳᠣᠣᠷ᠎ᠠ︾᠎ ᠶᠢᠨ ᠪᠠᠶᠢᠳᠠᠯ ᠢᠯᠡᠷᠡᠪᠠ ᠃ ᠪᠥᠬᠦ ᠬᠤᠲᠠ ᠶᠢᠨ 9 ᠬᠤᠰᠢᠭᠤ ᠲᠣᠭᠤᠷᠢᠭ ᠤᠨ ᠳᠣᠲᠣᠷᠠᠬᠢ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠴᠥᠮ ᠠᠳᠠᠯᠢ ᠪᠤᠰᠤ ᠬᠡᠮᠵᠢᠶ᠎ᠡ ᠪᠠᠷ ᠨᠡᠮᠡᠭᠳᠡᠵᠦ᠂ ᠤᠲᠤᠭ ᠤᠨ ᠡᠮᠤᠨᠡᠳᠣ ᠬᠤᠰᠢᠭᠤ ︵30.9%︶᠂ ᠬᠢᠶ᠎ᠠ ᠪᠠᠭᠰᠢ ᠲᠤᠭᠤᠷᠢᠭ ︵19.9%︶᠂ ᠳᠠᠯᠠᠳ ᠬᠤᠰᠢᠭᠤ ︵14.8%︶᠂ ᠳ᠋ᠦᠩᠱᠧᠩ ᠲᠤᠭᠤᠷᠢᠭ ︵11.6%︶᠎ ᠢᠶᠠᠷ ᠨᠡᠮᠡᠭᠳᠡᠵᠤ᠂ ᠳᠥᠷᠪᠡᠨ ᠬᠤᠰᠢᠭᠤ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠴᠥᠮ ᠬᠤᠶᠠᠷ ᠣᠷᠣᠨᠲᠤ ᠲᠤᠭ᠎ᠠ ᠪᠠᠷ ᠨᠡᠮᠡᠭᠳᠡᠪᠡ︔ ᠵᠡᠭᠦᠨᠭᠠᠷ ᠬᠤᠰᠢᠭᠤ ︵9.7%︶ ᠂ ᠡᠵᠡᠨ ᠬᠤᠷᠤᠭ᠎ᠠ ᠬᠤᠰᠢᠭᠤ ︵9.7%︶᠎ ᠪᠠᠷ ᠨᠡᠮᠡᠭᠳᠡᠵᠤ᠂ ᠬᠤᠶᠠᠷ ᠬᠤᠰᠢᠭᠤ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠶᠢᠨ ᠬᠢ ᠲᠠᠢ ᠠᠳᠠᠯᠢ ᠪᠣᠯᠪᠠ︔ ᠣᠲᠤᠭ ᠬᠤᠰᠢᠭᠤ ︵7.3%︶᠂ ᠦᠦᠰᠢᠨ ᠬᠤᠰᠢᠭᠤ ︵5.6%︶᠂ ᠬᠠᠩᠭᠢᠨ ᠬᠤᠰᠢᠭᠤ ︵3.3%︶᠎ ᠪᠠᠷ ᠨᠡᠮᠡᠭᠳᠡᠵᠤ᠂ ᠭᠤᠷᠪᠠᠨ ᠭᠠᠵᠠᠷ ᠣᠷᠣᠨ ᠤ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠶᠢᠨ ᠳᠤᠮᠳᠠᠴᠢ ᠬᠢᠷᠢ ᠲᠦᠪᠰᠢᠨ ᠠᠴᠠ ᠳᠣᠣᠷ᠎ᠠ ᠪᠣᠯᠪᠠ᠃ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠢ ᠳᠠᠶᠢᠴᠢᠯᠠᠭᠰᠠᠨ ᠪᠠᠶᠢᠳᠠᠯ ᠠᠴᠠ ᠦᠵᠡᠪᠡᠯ᠂ ᠡᠵᠡᠨ ᠬᠤᠷᠤᠭ᠎ᠠ ᠬᠤᠰᠢᠭᠤ ᠵᠠᠭᠤᠨ ᠤ ᠬᠤᠪᠢ ᠶᠢᠨ ᠬᠠᠷᠢᠴᠠᠯ ᠢᠶᠠᠷ 2.5 ᠂ ᠵᠡᠭᠦᠨᠭᠠᠷ ᠬᠤᠰᠢᠭᠤ ᠵᠠᠭᠤᠨ ᠤ ᠬᠤᠪᠢ ᠶᠢᠨ ᠬᠠᠷᠢᠴᠠᠯ ᠎ ᠢᠶᠠᠷ 2.3᠂ ᠣᠲᠤᠭ ᠬᠤᠰᠢᠭᠤ ᠵᠠᠭᠤᠨ ᠤ ᠬᠤᠪᠢ ᠶᠢᠨ ᠬᠠᠷᠢᠴᠠᠯ ᠢᠶᠠᠷ1.2 ᠪᠠᠶᠢᠵᠤ᠂ ᠳᠠᠶᠢᠴᠢᠯᠠᠬᠤ ᠦᠢᠯᠡᠳᠦᠯ ᠨᠢ ᠡᠮᠦᠨ᠎ᠡ ᠭᠤᠷᠪᠠ ᠳᠤ ᠣᠷᠣᠵᠤ᠂ ᠬᠢᠶ᠎ᠠ ᠪᠠᠭᠰᠢ ᠲᠤᠭᠤᠷᠢᠭ  ᠵᠠᠭᠤᠨ ᠤ ᠬᠤᠪᠢ ᠶᠢᠨ ᠬᠠᠷᠢᠴᠠᠯ ᠢᠶᠠᠷ 0.1᠂ ᠬᠠᠩᠭᠢᠨ ᠬᠤᠰᠢᠭᠤ ᠵᠠᠭᠤᠨ ᠤ ᠬᠤᠪᠢ ᠶᠢᠨ ᠬᠠᠷᠢᠴᠠᠯ ᠢᠶᠠᠷ 0.07  ᠪᠠᠶᠢᠵᠤ᠂  ᠳᠠᠶᠢᠴᠢᠯᠠᠬᠤ ᠴᠢᠳᠠᠪᠤᠷᠢ ᠪᠠᠷ ᠬᠠᠮᠤᠭ ᠤᠨ ᠪᠠᠭᠤᠷᠠᠢ ᠪᠠᠶᠢᠨ᠎ᠠ᠃ ᠡᠯ᠎ᠡ ᠬᠤᠰᠢᠭᠤ ᠲᠤᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠡᠵᠡᠯᠡᠬᠦ ᠬᠠᠷᠢᠴᠠᠯ ᠠᠴᠠ ᠦᠵᠡᠪᠡᠯ᠂ ᠵᠡᠭᠦᠨᠭᠠᠷ ᠬᠤᠰᠢᠭᠤ ︵25.7%︶᠂ ᠡᠵᠡᠨ ᠬᠤᠷᠤᠭ᠎ᠠ ᠬᠤᠰᠢᠭᠤ ︵25.6%︶᠂ ᠣᠲᠤᠭ ᠬᠤᠰᠢᠭᠤ ︵15.3%︶᠎  ᠪᠠᠶᠢᠵᠤ᠂ ᠡᠮᠦᠨ᠎ᠡ ᠭᠤᠷᠪᠠ ᠳᠤ ᠣᠷᠣᠵᠤ᠂ ᠬᠠᠩᠭᠢᠨ ᠬᠤᠰᠢᠭᠤ ︵2%︶᠂ ᠬᠢᠶ᠎ᠠ ᠪᠠᠭᠰᠢ ᠲᠤᠭᠤᠷᠢᠭ ︵0.7︶᠎  ᠪᠠᠶᠢᠵᠤ ᠂ ᠡᠵᠡᠯᠡᠬᠦ ᠬᠠᠷᠢᠴᠠᠯ ᠨᠢ ᠬᠠᠮᠤᠭ ᠤᠨ ᠳᠣᠣᠷ᠎ᠠ ᠪᠠᠶᠢᠨ᠎ᠠ᠃ 
ᠢᠷᠡᠯᠲᠡ᠄ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ