2022 ᠣᠨ ᠤ 1 —7 ᠰᠠᠷ᠎ᠠ ᠶᠢᠨ ᠪᠥᠬᠦ ᠬᠤᠲᠠ ᠶᠢᠨ ᠳᠠᠪᠤᠰᠤᠨ ᠤ ᠦᠢᠯᠡᠰ ᠤᠨ ᠡᠷᠬᠢᠯᠳᠡ ᠶᠢᠨ ᠪᠠᠶᠢᠳᠠᠯ
ᠨᠡᠶᠢᠲᠡᠯᠡᠭᠰᠡᠨ ᠴᠠᠭ᠄
2022/9/5
      1— 7 ᠰᠠᠷ᠎ᠠ ᠳᠤ᠂ ᠪᠥᠬᠦ ᠬᠤᠲᠠ ᠶᠢᠨ ᠳᠠᠪᠤᠰᠤᠨ ᠤ ᠦᠢᠯᠡᠰ ᠤᠨ ᠡᠷᠬᠢᠯᠳᠡ ᠶᠢᠨ ᠪᠠᠶᠢᠳᠠᠯ ᠶᠡᠷᠦᠩᠬᠡᠢ ᠳᠡᠭᠡᠨ ᠨᠡᠯᠢᠶᠡᠳ ᠲᠣᠭᠲᠠᠭᠤᠨ ᠪᠠᠶᠢᠵᠤ᠂ ᠦᠢᠯᠡᠳᠪᠦᠷᠢᠯᠡᠬᠦ᠂ ᠪᠥᠭᠡᠮ ᠢᠶᠠᠷ ᠬᠤᠳᠠᠯᠳᠤᠬᠤ ᠠᠵᠢᠯ ᠡᠮᠬᠢ ᠵᠢᠷᠤᠮ ᠲᠠᠢ ᠶᠠᠪᠤᠭᠳᠠᠵᠤ᠂ ᠨᠥᠭᠡᠴᠡ ᠳᠠᠪᠤᠰᠤᠨ ᠤ  ᠨᠦᠭᠡᠴᠡᠯᠡᠮᠵᠢ ᠭᠦᠢᠴᠡᠳ ᠪᠠᠶᠢᠵᠤ᠂  ᠨᠦᠭᠡᠴᠡᠯᠡᠭᠰᠡᠨ ᠪᠠᠶᠢᠳᠠᠯ ᠰᠠᠶᠢᠨ ᠪᠠᠶᠢᠨ᠎ᠠ᠃       ᠦᠢᠯᠡᠳᠪᠦᠷᠢᠯᠡᠯ ᠤᠨ ᠪᠠᠶᠢᠳᠠᠯ᠄ ᠪᠥᠬᠦ ᠬᠤᠲᠠ ᠨᠡᠶᠢᠲᠡ1306 ᠲᠤᠨ ᠢᠳᠡᠭᠡᠨ ᠤ ᠳᠠᠪᠤᠰᠣ ᠦᠢᠯᠡᠳᠪᠤᠷᠢᠯᠡᠵᠤ᠂ ᠠᠳᠠᠯᠢ ᠬᠤᠭᠤᠴᠠᠭᠠᠨ ᠤ ᠬᠢ ᠠᠴᠠ 3978 ᠲᠣᠨ ᠪᠠᠭᠠᠰᠴᠤ᠂ 75% ᠪᠠᠷ ᠪᠠᠭᠤᠷᠠᠪᠠ︔ ᠨᠡᠶᠢᠲᠡ42864 ᠲᠤᠨ ᠠᠵᠤ ᠦᠢᠯᠡᠳᠪᠦᠷᠢ ᠶᠢᠨ ᠳᠠᠪᠤᠰᠣ ᠦᠢᠯᠡᠳᠪᠤᠷᠢᠯᠡᠵᠤ᠂ ᠠᠳᠠᠯᠢ ᠬᠤᠭᠤᠴᠠᠭᠠᠨ ᠤ ᠬᠢ ᠠᠴᠠ 17410 ᠲᠣᠨ ᠨᠡᠮᠡᠭᠳᠡᠨ᠂ 68% ᠨᠡᠮᠡᠭᠳᠡᠵᠡᠢ︔ ᠪᠤᠰᠤᠳ ᠳᠠᠪᠤᠰᠤ ᠶᠢ ᠦᠢᠯᠡᠳᠪᠤᠷᠢᠯᠡᠭᠰᠡᠨ ᠦᠭᠡᠢ᠃       ᠪᠤᠷᠤᠯᠠᠭᠤᠯᠭ᠎ᠠ ᠶᠢᠨ ᠪᠠᠶᠢᠳᠠᠯ᠄ ᠪᠥᠬᠦ ᠬᠤᠲᠠ ᠨᠡᠶᠢᠲᠡ 3729 ᠲᠤᠨ ᠢᠳᠡᠭᠡᠨ ᠤ ᠳᠠᠪᠤᠰᠤ ᠪᠣᠷᠣᠯᠠᠭᠤᠯᠵᠤ᠂ ᠠᠳᠠᠯᠢ ᠬᠤᠭᠤᠴᠠᠭᠠᠨ ᠤ ᠬᠢ ᠠᠴᠠ 4962 ᠲᠣᠨ ᠬᠠᠰᠤᠭᠳᠠᠵᠤ᠂ 57% ᠪᠠᠷ ᠪᠠᠭᠤᠷᠠᠪᠠ︔  ᠨᠡᠶᠢᠲᠡ 41092 ᠲᠤᠨ ᠠᠵᠤ ᠦᠢᠯᠡᠳᠪᠦᠷᠢ ᠶᠢᠨ ᠳᠠᠪᠤᠰᠣ ᠪᠤᠷᠤᠯᠠᠭᠤᠯᠵᠤ᠂ ᠠᠳᠠᠯᠢ ᠬᠤᠭᠤᠴᠠᠭᠠᠨ ᠤ ᠬᠢ ᠠᠴᠠ 3542 ᠲᠣᠨ ᠪᠠᠭᠠᠰᠴᠤ᠂ 8% ᠪᠠᠷ ᠪᠠᠭᠤᠷᠠᠪᠠ︔  ᠨᠡᠶᠢᠲᠡ 613 ᠲᠤᠨ ᠪᠤᠰᠤᠳ ᠳᠠᠪᠤᠰᠤ ᠶᠢ ᠪᠣᠷᠣᠯᠠᠭᠤᠯᠵᠤ᠂ ᠠᠳᠠᠯᠢ ᠬᠤᠭᠤᠴᠠᠭᠠᠨ ᠤ ᠬᠢ ᠠᠴᠠ 35 ᠲᠣᠨ ᠨᠡᠮᠡᠭᠳᠡᠨ᠂ 6% ᠪᠠᠷ ᠨᠡᠮᠡᠭᠳᠡᠵᠡᠢ᠃      ᠬᠦᠮᠦᠷᠭᠡ ᠳᠤ ᠬᠠᠳᠠᠭᠠᠯᠠᠭᠰᠡᠨ ᠪᠠᠶᠢᠳᠠᠯ᠄ ᠪᠥᠬᠦ ᠬᠤᠲᠠ 2166 ᠲᠤᠨ ᠢᠳᠡᠰᠢᠨ ᠳᠠᠪᠤᠰᠣ ᠶᠢ ᠬᠦᠮᠦᠷᠭᠡᠯᠡᠨ ᠬᠠᠳᠠᠭᠠᠯᠠᠵᠤ᠂ ᠠᠳᠠᠯᠢ ᠬᠤᠭᠤᠴᠠᠭᠠᠨ ᠤ  ᠬᠢ ᠠᠴᠠ 2588 ᠲᠣᠨ ᠬᠠᠰᠤᠭᠳᠠᠵᠤ᠂ 54% ᠪᠠᠭᠤᠷᠠᠪᠠ︔ ᠠᠵᠤ ᠦᠢᠯᠡᠳᠪᠦᠷᠢ ᠶᠢᠨ ᠳᠠᠪᠤᠰᠤᠨ ᠤ ᠬᠥᠮᠥᠷᠭᠡ ᠳᠠᠬᠢ ᠬᠠᠳᠠᠭᠠᠯᠠᠮᠵᠢ 74949 ᠲᠣᠨ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 39394 ᠲᠣᠨ ᠬᠠᠰᠤᠭᠳᠠᠵᠤ᠂ 34% ᠪᠠᠷ ᠪᠠᠭᠤᠷᠠᠪᠠ︔ ᠪᠤᠰᠤᠳ ᠳᠠᠪᠤᠰᠣ ᠶᠢ 314 ᠲᠣᠨ ᠬᠦᠮᠦᠷᠭᠡᠯᠡᠨ ᠬᠠᠳᠠᠭᠠᠯᠠᠵᠤ᠂ ᠠᠳᠠᠯᠢ ᠬᠤᠭᠤᠴᠠᠭᠠᠨ ᠤ ᠬᠢ ᠠᠴᠠ 222 ᠲᠣᠨ ᠪᠠᠭᠠᠰᠴᠤ᠂ 41% ᠪᠠᠷ ᠪᠠᠭᠤᠷᠠᠪᠠ᠃       ᠨᠦᠭᠡᠴᠡᠯᠡᠮᠵᠢ ᠶᠢᠨ ᠳᠠᠪᠤᠰᠣ ᠶᠢ ᠨᠦᠭᠡᠴᠡᠯᠡᠭᠰᠡᠨ ᠪᠠᠶᠢᠳᠠᠯ᠄ ᠥᠪᠥᠷ ᠮᠣᠩᠭᠤᠯ ᠤᠨ ᠣᠷᠳᠣᠰ ᠬᠤᠲᠠ ᠶᠢᠨ ᠳᠠᠪᠤᠰᠤᠨ ᠤ ᠦᠢᠯᠡᠰ ᠤᠨ ᠬᠢᠵᠠᠭᠠᠷᠲᠤ ᠺᠣᠮᠫᠠᠨᠢ ᠵᠠᠰᠠᠭ ᠤᠨ ᠣᠷᠳᠣᠨ ᠤ ᠳᠠᠪᠤᠰᠣ ᠨᠦᠭᠡᠴᠡᠯᠡᠬᠦ ᠡᠭᠦᠷᠭᠡ ᠶᠢ ᠡᠭᠦᠷᠭᠡᠯᠡᠵᠦ᠂ ᠪᠥᠬᠦ ᠬᠤᠲᠠ ᠶᠢᠨ ᠡᠯ᠎ᠡ ᠬᠤᠰᠢᠭᠤ ᠲᠣᠭᠤᠷᠢᠭ ᠲᠤ ᠨᠦᠭᠡᠴᠡᠯᠡᠮᠵᠢ ᠲᠠᠢ ᠪᠠᠶᠢᠵᠤ᠂ ᠨᠡᠶᠢᠲᠡ 1625 ᠲᠣᠨ ᠢᠳᠡᠰᠢᠨ ᠤ ᠳᠠᠪᠤᠰᠤ ᠶᠢ ᠨᠥᠭᠡᠴᠡᠯᠡᠵᠦ᠂ ᠡᠭᠦᠨ ᠳᠤ ᠵᠠᠰᠠᠭ ᠤᠨ ᠣᠷᠳᠣᠨ ᠤ ᠨᠦᠭᠡᠴᠡᠯᠡᠮᠵᠢ 700 ᠲᠣᠨ ᠪᠠᠶᠢᠵᠤ᠂ ᠠᠵᠤ ᠠᠬᠤᠶᠢᠯᠠᠯ ᠨᠡᠶᠢᠭᠡᠮ ᠤᠨ ᠬᠠᠷᠢᠭᠤᠴᠠᠯᠭ᠎ᠠ ᠶᠢᠨ ᠨᠦᠭᠡᠴᠡᠯᠡᠮᠵᠢ 925 ᠲᠣᠨ ᠪᠠᠶᠢᠨ᠎ᠠ᠃ 
ᠢᠷᠡᠯᠲᠡ᠄ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ