ᠣᠷᠳᠣᠰ ᠬᠤᠳᠠ ᠳᠡᠭᠡᠷ᠎ᠡ ᠬᠠᠭᠠᠰ ᠵᠢᠯ ᠳᠤ ᠶᠠᠳᠠᠭᠤ ᠬᠦᠴᠢᠷᠳᠡᠯᠲᠡᠢ ᠤᠯᠠᠨ ᠲᠦᠮᠡᠨ ᠳᠤ ᠨᠡᠶᠢᠳᠡ 72 ᠲᠦᠮᠡᠨ ᠲᠥᠭᠦᠷᠢᠭ ᠤᠨ ᠴᠠᠬᠢᠯᠭᠠᠨ ᠤ ᠦᠨ᠎ᠡ ᠶᠢᠨ ᠨᠥᠬᠦᠪᠦᠷᠢ ᠳᠠᠷᠬᠠᠭᠠᠪᠠ
ᠨᠡᠶᠢᠲᠡᠯᠡᠭᠰᠡᠨ ᠴᠠᠭ᠄
2022/9/9
     ᠬᠤᠲᠠ ᠬᠥᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠭᠥᠷᠳᠡᠬᠦ ᠡᠲᠡᠭᠡᠳ ᠪᠠ ᠬᠥᠳᠡᠭᠡ ᠲᠣᠰᠬᠤᠨ ᠤ ᠣᠨᠴᠠ ᠬᠦᠴᠢᠷᠳᠡᠯᠲᠡᠢ ᠬᠥᠮᠥᠰ ᠤᠨ ᠦᠨᠳᠦᠰᠦᠨ ᠠᠮᠢᠳᠤᠷᠠᠯ ᠤᠨ ᠳᠠᠷᠤᠭᠠᠰᠤ ᠶᠢ ᠬᠥᠩᠭᠡᠷᠡᠭᠦᠯᠬᠦ ᠶᠢᠨ ᠲᠥᠯᠥᠭᠡ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ︽ᠮᠠᠨ ᠤ ᠣᠷᠣᠨ ᠤ ᠰᠠᠭᠤᠭᠠᠯᠢ ᠠᠷᠠᠳ ᠤᠨ ᠠᠮᠢᠳᠤᠷᠠᠯ ᠳᠤ ᠬᠡᠷᠡᠭᠯᠡᠬᠦ ᠴᠠᠬᠢᠯᠭᠠᠨ ᠳᠤ ᠱᠠᠲᠤᠯᠢᠭ ᠴᠠᠬᠢᠯᠭᠠᠨ ᠤ ᠦᠨ᠎ᠡ ᠶᠢ ᠲᠤᠷᠰᠢᠨ ᠬᠡᠷᠡᠭᠵᠢᠭᠦᠯᠬᠦ ᠲᠤᠬᠠᠢ ᠮᠡᠳᠡᠭᠳᠡᠯ︾ ᠪᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ︽ᠥᠪᠥᠷ ᠮᠣᠩᠭᠤᠯ ᠤᠨ ᠮᠧᠩ ᠰᠢ ᠣᠷᠣᠨ ᠤ 2022 ᠣᠨ ᠤ 4 — 6 ᠳ᠋ᠤᠭᠠᠷ ᠰᠠᠷ᠎ᠠ ᠶᠢᠨ ᠬᠤᠲᠠ ᠬᠥᠳᠡᠭᠡ ᠶᠢᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ ᠪᠠ ᠮᠠᠯᠵᠢᠬᠤ ᠲᠠᠷᠢᠶᠠᠯᠠᠬᠤ ᠣᠷᠣᠨ ᠤ ᠣᠨᠴᠠ ᠬᠦᠴᠢᠷᠳᠡᠯᠲᠡᠢ ᠬᠥᠮᠥᠰ ᠲᠤ ᠴᠠᠬᠢᠯᠭᠠᠨ ᠤ ᠦᠨ᠎ᠡ ᠶᠢᠨ ᠨᠥᠬᠦᠪᠦᠷᠢ ᠮᠥᠩᠭᠦ ᠶᠢ  ᠪᠠᠭᠤᠯᠭᠠᠬᠤ ᠲᠤᠬᠠᠢ ᠮᠡᠳᠡᠭᠳᠡᠯ︾  ︵ᠥᠪᠥᠷ ᠠᠷᠠᠳ ᠶᠠᠪᠤᠳᠠᠯ ᠠᠯᠪᠠᠨ ᠦᠰᠦᠭᠳᠦ ﹇2022﹈ 54 ᠳ᠋ᠣᠭᠡᠷ ᠲᠣᠭᠠᠲᠤ︶᠎ ᠤᠨ ᠱᠠᠭᠠᠷᠳᠠᠯᠭ᠎ᠠ ᠶᠣᠰᠣᠭᠠᠷ᠂ ᠮᠠᠨ ᠤ ᠲᠣᠪᠴᠢᠶ᠎ᠠ ᠴᠠᠬᠢᠯᠭᠠᠨ ᠤ ᠦᠨ᠎ᠡ ᠶᠢᠨ ᠨᠥᠬᠦᠪᠦᠷᠢ ᠮᠥᠩᠭᠦ ᠶᠢ ᠴᠠᠭ ᠲᠤᠬᠠᠢ ᠳᠤᠨᠢ ᠬᠤᠰᠢᠭᠤ ᠲᠣᠭᠤᠷᠢᠭ ᠲᠤ ᠰᠠᠯᠭᠠᠨ ᠦᠭᠴᠣ ᠳᠡᠷᠡᠴᠢᠯᠡᠨ15 ᠠᠵᠢᠯᠯᠠᠬᠤ ᠡᠳᠦᠷ ᠤᠨ ᠳᠣᠲᠣᠷ᠎ᠠ ᠲᠠᠷᠬᠠᠭᠠᠵᠤ ᠳᠠᠭᠤᠰᠬᠠᠪᠠ᠃     ᠪᠥᠬᠦ ᠬᠤᠲᠠ ᠲᠦᠷᠦᠭᠦᠸ ᠬᠠᠭᠠᠰ ᠵᠢᠯ ᠳᠤ ᠨᠡᠶᠢᠲᠡ 72.29 ᠲᠦᠮᠡᠨ ᠲᠥᠭᠦᠷᠢᠭ ᠤᠨ ᠴᠠᠬᠢᠯᠭᠠᠨ ᠤ ᠦᠨ᠎ᠡ ᠶᠢᠨ ᠨᠥᠬᠦᠪᠦᠷᠢ ᠮᠥᠩᠭᠦ ᠲᠠᠷᠬᠠᠭᠠᠵᠤ᠂ ᠨᠡᠶᠢᠲᠡ58299 ᠡᠷᠤᠭᠡ ᠬᠤᠲᠠ ᠬᠥᠳᠡᠭᠡ ᠶᠢᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠡᠲᠡᠭᠡᠳ ᠪᠠ ᠬᠥᠳᠡᠭᠡ ᠲᠣᠰᠬᠤᠨ ᠤ ᠣᠨᠴᠠ ᠬᠦᠴᠢᠷᠳᠡᠯᠲᠡᠢ ᠬᠥᠮᠥᠰ ᠲᠤ  ᠎ ᠳᠤ ᠠᠰᠢᠭ ᠬᠦᠷᠲᠡᠭᠡᠪᠡ᠃ 
ᠢᠷᠡᠯᠲᠡ᠄ ᠣᠷᠳᠣᠰ ᠬᠤᠲᠠ ᠶᠢᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ