ᠳᠡᠭᠡᠷ᠎ᠡ ᠬᠠᠭᠠᠰ ᠵᠢᠯ ᠳᠤ ᠮᠠᠨ ᠤ ᠬᠤᠲᠠ ᠠᠷᠠᠯᠵᠢᠶ᠎ᠠ ᠬᠤᠳᠠᠯᠳᠣᠭᠠᠨ ᠤ 6 ᠠᠵᠤ ᠠᠬᠤᠶᠢᠯᠠᠯ ᠢ ᠰᠢᠨ᠎ᠡ ᠪᠠᠷ ᠬᠦᠮᠦᠷᠭᠡ ᠳᠤ ᠣᠷᠣᠭᠤᠯᠪᠠ
ᠨᠡᠶᠢᠲᠡᠯᠡᠭᠰᠡᠨ ᠴᠠᠭ᠄
2022/9/9
     ᠰᠢᠨ᠎ᠡ ᠪᠠᠷ ᠨᠡᠮᠡᠭᠳᠡᠭᠰᠡᠨ ᠠᠷᠠᠯᠵᠢᠶᠠᠨ ᠤ ᠦᠢᠯᠡᠰ ᠤᠨ ᠠᠵᠤ ᠠᠬᠤᠶᠢᠯᠠᠯ ᠢ ᠬᠦᠮᠦᠷᠭᠡ ᠳᠤ ᠣᠷᠣᠭᠤᠯᠬᠤ ᠠᠵᠢᠯ ᠢ ᠦᠨᠡᠨ ᠬᠦ ᠰᠠᠶᠢᠳᠣᠷ ᠬᠢᠵᠤ᠂ ᠪᠦᠬᠦ ᠬᠤᠲᠠ ᠶᠢᠨ ᠠᠷᠠᠯᠵᠢᠶᠠᠨ ᠤ ᠠᠵᠤ ᠠᠬᠤᠶᠢᠯᠠᠯ ᠤᠨ ᠡᠷᠬᠢᠯᠳᠡ ᠶᠢᠨ ᠪᠠᠶᠢᠳᠠᠯ ᠢ ᠪᠦᠬᠦ ᠳᠠᠯ᠎ᠠ ᠪᠠᠷ ᠪᠤᠰᠣᠳᠴᠢ ᠪᠠᠷ ᠲᠤᠰᠬᠠᠬᠤ ᠶᠢᠨ ᠲᠤᠰᠠᠳᠠ ᠬᠤᠲᠠ ᠶᠢᠨ ᠲᠤᠭ᠎ᠠ ᠪᠦᠷᠢᠳᠭᠡᠯ ᠤᠨ ᠲᠤᠪᠴᠢᠶ᠎ᠠ ᠠᠷᠠᠯᠵᠢᠶᠠᠨ ᠤ ᠦᠢᠯᠡᠰ ᠤᠨ ᠠᠵᠤ ᠠᠬᠤᠶᠢᠯᠠᠯ ᠢ ᠬᠦᠮᠦᠷᠭᠡ ᠳᠤ ᠣᠷᠣᠭᠤᠯᠬᠤ ᠠᠵᠢᠯ ᠢ ᠶᠡᠭᠡ ᠪᠠᠷ ᠠᠬᠢᠭᠤᠯᠵᠤ ᠪᠠᠶᠢᠨ᠎ᠠ᠃ ᠡᠨᠡ ᠵᠢᠯ  ᠤᠨ ᠳᠡᠭᠡᠷ᠎ᠡ ᠬᠠᠭᠠᠰ ᠵᠢᠯ ᠳᠤ᠂ ᠮᠠᠨ ᠤ ᠬᠤᠲᠠ ᠶᠢᠨ ᠰᠢᠨ᠎ᠡ ᠪᠠᠷ ᠬᠦᠮᠦᠷᠭᠡ ᠳᠤ ᠣᠷᠣᠭᠤᠯᠤᠭᠰᠡᠨ ᠠᠵᠤ ᠠᠬᠤᠶᠢᠯᠠᠯ 6 ᠪᠠᠶᠢᠵᠤ᠂ ᠡᠭᠦᠨ ᠳᠤ ᠪᠦᠭᠡᠮ ᠢᠶᠠᠷ ᠪᠤᠷᠤᠯᠠᠭᠤᠯᠬᠤ ᠠᠵᠤ ᠠᠬᠤᠶᠢᠯᠠᠯ 1᠂ ᠵᠢᠵᠢᠭᠯᠡᠨ ᠪᠤᠷᠤᠯᠠᠭᠤᠯᠬᠤ ᠠᠵᠤ ᠠᠬᠤᠶᠢᠯᠠᠯ 4᠂ ᠬᠤᠭᠤᠯᠠ ᠣᠮᠳᠠ ᠶᠢᠨ ᠠᠵᠤ ᠠᠬᠤᠶᠢᠯᠠᠯ 1 ᠪᠠᠶᠢᠵᠤ᠂ ᠳᠡᠭᠡᠷ᠎ᠡ ᠬᠠᠭᠠᠰ ᠵᠢᠯ ᠤᠨ ᠵᠢᠵᠢᠭᠯᠡᠨ ᠪᠤᠷᠤᠯᠠᠭᠤᠯᠬᠤ ᠲᠤᠭ᠎ᠠ ᠶᠢ ᠵᠠᠭᠤᠨ ᠤ ᠬᠤᠪᠢ ᠶᠢᠨ ᠬᠠᠷᠢᠴᠠᠯ ᠢᠶᠠᠷ 1.1 ᠳᠠᠶᠢᠴᠢᠯᠠᠪᠠ᠃      ᠬᠦᠮᠦᠷᠭᠡ ᠳᠤ ᠣᠷᠣᠭᠤᠯᠤᠭᠰᠡᠨ ᠪᠠᠶᠢᠳᠠᠯ ᠰᠠᠶᠢᠨ ᠪᠠᠶᠢᠵᠤ᠂ ᠠᠷᠠᠯᠵᠢᠶ᠎ᠠ ᠬᠤᠳᠠᠯᠳᠣᠭᠠᠨ ᠤ ᠬᠦᠮᠦᠷᠭᠡ ᠳᠤ ᠪᠠᠶᠢᠭ᠎ᠠ ᠨᠢᠭᠡᠴᠢ ︵ᠠᠵᠤ ᠠᠬᠤᠶᠢᠯᠠᠯ᠂ ᠬᠤᠪᠢ  ᠶᠢᠨ ᠦᠢᠯᠡᠳᠪᠤᠷᠢ ᠬᠤᠳᠠᠯᠳᠣᠭᠠᠨ ᠤ ᠡᠷᠤᠭᠡ︶2021 ᠣᠨ ᠤ ᠡᠴᠣᠰ ᠲᠤ 451 ᠪᠠᠶᠢᠭᠰᠡᠨ ᠠᠴᠠ ᠪᠠᠨ 2022 ᠣᠨ ᠤ ᠡᠬᠢ ᠪᠤᠯᠬᠤ ᠳᠤ 506 ᠪᠤᠯᠪᠠ᠃ ᠣᠳᠣᠬᠠᠨ ᠪᠣᠯᠳᠠᠯ᠎ᠠ᠂ ᠪᠦᠬᠦ ᠬᠤᠲᠠ ᠶᠢᠨ ᠠᠷᠠᠯᠵᠢᠶ᠎ᠠ ᠬᠤᠳᠠᠯᠳᠣᠭᠠᠨ ᠤ ᠠᠵᠤ ᠠᠬᠤᠶᠢᠯᠠᠯ ᠤᠨ ᠬᠦᠮᠦᠷᠭᠡ ᠳᠤ ᠪᠠᠶᠢᠭ᠎ᠠ ᠨᠢᠭᠡᠴᠢ ᠨᠡᠶᠢᠲᠡ 512 ᠪᠤᠢ᠃
ᠢᠷᠡᠯᠲᠡ᠄ ᠣᠷᠳᠣᠰ ᠬᠤᠲᠠ ᠶᠢᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ