ᠮᠠᠯᠴᠢᠳ ᠲᠤ ᠲᠠᠭᠠᠰᠢᠶᠠᠭᠳᠠᠭᠰᠠᠨ ᠮᠤᠳᠤᠨ ᠲᠠᠷᠬᠠᠨ
ᠨᠡᠶᠢᠲᠡᠯᠡᠭᠰᠡᠨ ᠴᠠᠭ᠄
2023/1/1
      ᠦᠥᠰᠢᠨ ᠬᠤᠰᠢᠭᠤᠨ ᠤ ᠰᠦᠯᠳᠡ ᠰᠤᠮᠤᠨ ᠤ ᠲᠣᠯᠢ ᠭᠠᠴᠠᠭᠠᠨ ᠤ ᠮᠠᠯᠴᠢᠨ ᠡᠷᠳᠡᠨᠢᠪᠢᠯᠢᠭ ᠮᠠᠯ ᠲᠠᠷᠢᠶᠠᠯᠠᠩ ᠤᠨ ᠣᠶᠢᠯᠡᠰ ᠢᠶᠠᠨ  ᠡᠷᠬᠢᠯᠡᠬᠦ ᠶᠢᠨ ᠲᠠᠭᠠᠥ ᠦᠨᠳᠣᠰᠣᠳᠠᠨ ᠤ ᠣᠨᠴᠠᠯᠢᠭ ᠢ ᠬᠠᠳᠠᠭᠠᠯᠠᠭᠰᠠᠨ ᠣᠯᠡᠮᠵᠢᠯᠠᠯᠲᠤ ᠮᠠᠶ᠋ᠢᠭ ᠤᠨ ᠮᠤᠳᠤᠨ ᠡᠳ᠋ᠯᠡᠯ ᠬᠡᠷᠡᠭᠰᠡᠯ ᠢ ᠤᠷᠠᠯᠠᠨ  ᠬᠢᠵᠦ᠂ ᠮᠠᠯᠴᠢᠳ ᠤᠨ ᠲᠠᠭᠠᠰᠢᠶᠠᠯ ᠢ ᠬᠦᠷᠲᠡᠭᠰᠡᠨ ᠪᠠᠶᠢᠨ᠎ᠠ᠃           ᠡᠷᠳᠡᠨᠢᠪᠢᠯᠢᠭ ᠮᠠᠯ ᠲᠠᠷᠢᠶᠠᠯᠠᠩ ᠤᠨ ᠠᠵᠢᠯ ᠤᠨ ᠲᠤᠮᠳᠠᠬᠢ ᠰᠤᠯᠠ ᠰᠡᠯᠡᠬᠦᠦ ᠴᠠᠭ ᠢᠶᠠᠷ ᠦᠷᠭᠦᠯᠵᠢ ᠮᠣᠳᠣᠨ ᠲᠠᠷᠬᠠᠨ ᠤ ᠠᠵᠢᠯ ᠢ  ᠬᠢᠵᠦ᠂ ᠦᠪᠡᠷ ᠤᠨ ᠲᠤᠷ᠎ᠠ ᠪᠠᠬ᠎ᠠ ᠲᠠᠢ ᠶᠠᠭᠤᠮ᠎ᠡ ᠪᠠᠨ ᠣᠷᠣᠯᠳᠣᠵᠤ ᠰᠠᠭᠤᠳᠠᠭ᠃ ︽ᠪᠢ ᠬᠠᠷᠠᠬᠠᠨ ᠪᠠᠭ᠎ᠠ ᠠᠴᠠ ᠪᠠᠨ ᠭᠠᠷ ᠤᠷᠠᠯᠠᠯ ᠳᠤ  ᠳᠤᠷ᠎ᠠ ᠪᠠᠬ᠎ᠠ ᠲᠠᠢ᠃ ᠬᠤᠨᠢ ᠮᠠᠯ ᠬᠠᠷᠢᠭᠤᠯᠵᠦ ᠶᠠᠪᠤᠬᠤ ᠳᠠᠭᠠᠨ ᠮᠤᠳᠤᠨ ᠤ ᠦᠨᠳᠦᠰᠦ ᠰᠠᠯᠠᠭ᠎ᠠ ᠪᠠᠷ ᠶᠠᠩᠵᠤ ᠪᠦᠷᠢ ᠶᠢᠨ ᠨᠠᠭᠠᠳᠤᠮ  ᠲᠤᠭᠯᠠᠭᠠᠮ ᠬᠢᠵᠤ ᠨᠠᠭᠠᠳᠳᠠᠭ᠃ ᠤᠳᠤ ᠠᠵᠢᠯ ᠤᠨ ᠴᠢᠯᠤᠬᠡ ᠵᠠᠪ ᠢᠶᠠᠷ ᠢᠶᠠᠨ ᠮᠣᠳᠤᠨ ᠲᠠᠷᠬᠠᠨ ᠤ ᠠᠵᠢᠯ ᠢ ᠬᠢᠭᠡᠳ 40 ᠰᠢᠬᠠᠮ ᠵᠢᠯ ᠤᠨ  ᠨᠢᠭᠤᠷ ᠢ ᠦᠵᠡᠵᠤ ᠪᠤᠢ᠃ ᠡᠨᠡ ᠡᠪᠣᠯ ᠣᠯᠠᠨ ᠬᠥᠮᠥᠨ ᠨᠠᠳᠠ ᠶᠢ ᠡᠷᠢᠵᠣ ᠢᠷᠡᠭᠡᠳ ᠬᠠᠨᠵᠤᠨ ᠰᠢᠷᠡᠭᠡ᠂ ᠠᠪᠳᠠᠷ᠎ᠠ ᠬᠤᠷᠭᠤ ᠵᠡᠷᠭᠡ ᠭᠡᠷ ᠤᠨ  ᠡᠳ᠋ᠯᠡᠯ ᠬᠡᠷᠡᠭᠰᠡᠯ ᠢ ᠵᠠᠬᠢᠶᠠᠯᠠᠨ ᠬᠢᠯᠬᠡᠵᠦ ᠪᠠᠶᠢᠨ᠎ᠠ︾ ᠭᠡᠵᠦ ᠡᠷᠳᠡᠨᠢᠪᠢᠯᠢᠭ ᠬᠦᠷᠢᠶᠡᠨ ᠳᠣᠲᠣᠷᠠᠬᠢ ᠬᠢᠵᠤ ᠳᠠᠭᠤᠰᠤᠭ᠎ᠠ ᠦᠭᠡᠢ ᠬᠠᠭᠠᠰ  ᠪᠦᠲᠦᠭᠡᠭᠳᠡᠬᠦᠨ ᠢᠶᠠᠨ ᠵᠢᠭᠠᠭᠠᠳ ᠤᠷᠮ᠎ᠡ ᠲᠠᠢ ᠶᠠᠷᠢᠨ᠎ᠠ᠃           ᠰᠤᠷᠪᠤᠯᠵᠢᠯᠠᠭᠴᠢ ᠡᠷᠳᠡᠨᠢᠪᠢᠯᠢᠭ ᠲᠠᠢ ᠵᠤᠭᠤᠭᠳᠠᠬᠤ ᠵᠠᠭᠤᠷ᠎ᠠ ᠰᠦᠯᠳᠡ ᠰᠤᠮᠤᠨ ᠤ ᠲᠣᠭᠤᠷᠢᠮ ᠭᠠᠴᠠᠭᠠᠨ ᠤ ᠮᠠᠯᠴᠢᠨ ᠣᠶᠤᠨᠪᠠᠭᠠᠲᠤᠷ  ᠭᠠᠷᠠᠭ ᠤᠨ ᠡᠮᠦᠨ᠎ᠡ ᠠᠴᠠ ᠵᠠᠬᠢᠶᠠᠯᠠᠵᠤ ᠬᠢᠯᠭᠡᠭᠰᠡᠨ ᠮᠣᠳᠣᠨ ᠬᠤᠷᠭᠤ ᠪᠠᠨ ᠠᠪᠬᠤ ᠪᠠᠷ ᠡᠳᠡᠨ ᠤ ᠳᠤ ᠢᠷᠡᠪᠡ᠃ ᠣᠶᠤᠨᠪᠠᠭᠠᠲᠤᠷ  ᠡᠷᠳᠡᠨᠢᠪᠢᠯᠢᠭ ᠤᠨ ᠣᠷᠠᠯᠠᠨ ᠬᠢᠵᠥ ᠰᠢᠷᠲᠡᠨ ᠪᠣᠳᠣᠭᠰᠠᠨ ᠮᠣᠳᠤᠨ ᠬᠤᠷᠭᠤ ᠶᠢ ᠦᠵᠡᠭᠡᠳ ᠠᠮᠠ ᠬᠠᠮᠬᠢᠯ ᠦᠭᠡᠢ ᠪᠠᠶᠠᠷᠯᠠᠵᠤ᠂ ᠲᠤᠩ  ᠰᠡᠳᠭᠢᠯ ᠬᠠᠨᠤᠮᠵᠢᠲᠠᠢ ᠪᠠᠶᠢᠯ᠎ᠠ᠃ ᠲᠡᠷᠡ᠄ ︽ᠡᠷᠳᠡᠨᠢᠪᠢᠯᠢᠭ ᠬᠡᠳᠦ᠋ᠢᠪᠡᠷ ᠮᠠᠯᠴᠢᠨ ᠪᠤᠯᠪᠠᠴᠦ ᠲᠡᠬᠦᠨ ᠤ ᠬᠢᠵᠤ ᠪᠦᠲᠦᠭᠡᠭᠰᠡᠨ ᠡᠳ᠋ᠯᠡᠯ  ᠬᠡᠷᠡᠭᠰᠡᠯ ᠨᠢ ᠳᠤᠰᠬᠠᠢ ᠮᠡᠷᠭᠡᠵᠢᠯ ᠤᠨ ᠮᠣᠳᠤᠨ ᠲᠠᠷᠬᠠᠨ ᠠᠴᠠ ᠵᠢᠭᠠᠬᠠᠨ ᠴᠤ ᠰᠠᠭᠤᠭᠳᠠᠬᠤ ᠦᠭᠡᠢ᠃ ᠤᠶᠢᠷ᠎ᠠ ᠬᠠᠪᠢ ᠶᠢᠨ ᠮᠠᠯᠴᠢᠳ ᠪᠦᠷ  ᠲᠡᠬᠦᠨ ᠢ ᠡᠷᠢᠵᠤ ᠭᠡᠷ ᠤᠨ ᠡᠳ᠋ᠯᠡᠯ ᠬᠡᠷᠡᠭᠰᠡᠯ ᠬᠢᠯᠭᠡᠳᠡᠭ︾ ᠭᠡᠵᠤ ᠪᠠᠶᠠᠷᠲᠠᠶᠢᠬᠠᠨ ᠶᠠᠷᠢᠪᠠ᠃          ᠡᠷᠲᠡᠨᠢᠪᠢᠯᠢᠭ ᠤᠨ ᠪᠠᠭ᠎ᠠ ᠶᠢᠨ ᠠᠮᠢᠳᠤᠷᠠᠯ ᠨᠢ ᠬᠦᠴᠢᠷᠳᠠᠯ ᠲᠠᠢ ᠪᠤᠯᠬᠤᠷ ᠠᠵᠤ ᠲᠥᠷᠥᠬᠦ ᠵᠢᠨ‌‍ᠲ᠋ᠦ᠋ᠯᠤᠬᠡ ᠠᠪᠠᠭ᠎ᠠ ᠠᠴᠠ ᠪᠠᠨ ᠮᠣᠳᠣᠨ  ᠳᠠᠷᠬᠠᠨ ᠤ ᠮᠡᠷᠭᠡᠵᠢᠯ ᠢ ᠰᠤᠷᠴᠤ᠂ ᠡᠨᠡ ᠬᠦ ᠤᠷ᠎ᠠ ᠮᠡᠷᠭᠡᠵᠢᠯ ᠢ ᠠᠭᠠᠵᠢᠮ ᠢᠶᠠᠷ ᠪᠦᠷᠢᠨ ᠡᠵᠡᠮᠰᠢᠭᠡᠳ ᠬᠤᠯᠠ ᠥᠢᠷ᠎ᠠ ᠳᠠᠭᠠᠨ ᠠᠯᠳᠠᠷᠰᠢᠬᠰᠠᠨ  ᠪᠠᠶᠢᠨ᠎ᠠ᠃ ᠭᠤᠷᠪᠠᠨ ᠬᠤᠪᠢ ᠨᠢ ᠮᠠᠲ᠋ᠧᠷᠢᠶᠠᠯ᠂ ᠳᠣᠯᠣᠭᠠᠨ ᠬᠤᠪᠢ ᠨᠢ ᠤᠷᠠᠯᠢᠭ ᠬᠡᠲᠡᠭᠴᠢᠯᠡᠨ ᠡᠷᠳᠡᠨᠢᠪᠢᠯᠢᠭ ᠤᠨ ᠪᠦᠲᠦᠭᠡᠯ ᠨᠢ ᠡᠷᠲᠡᠨ ᠤ  ᠤᠷᠲᠤᠰ ᠨᠤᠲᠤᠭ ᠤᠨ ᠡᠳ᠋ᠯᠡᠯ ᠬᠡᠷᠡᠭᠰᠡᠯ ᠤᠨ ᠬᠡᠪ ᠨᠠᠮᠪᠠ ᠶᠢ ᠦᠨᠲᠦᠰᠤᠨ ᠳᠡᠭᠡᠨ ᠬᠠᠲᠠᠭᠠᠯᠠᠵᠦ᠂ ᠦᠪᠡᠷᠮᠢᠴᠡ ᠤᠨᠴᠠᠯᠢᠭ ᠰᠢᠨᠵᠢ ᠪᠠᠨ  ᠬᠠᠳᠠᠭᠠᠯᠠᠵᠤ ᠲᠠᠶᠢᠯᠤᠭ᠍ᠰᠡᠨ ᠠᠴᠠ ᠬᠡᠷᠡᠭᠯᠡᠭᠴᠢᠳ ᠤᠨ ᠲᠠᠭᠠᠰᠢᠶᠠᠯ ᠢ ᠬᠦᠷᠲᠡᠵᠤ᠂ ᠣᠳᠣᠬᠠᠨ ᠪᠤᠯᠬᠤ ᠳᠤ᠂ ᠣᠷᠳᠣᠰ ᠬᠤᠲᠠ ᠶᠢᠨ ᠡᠯ᠎ᠡ  ᠬᠤᠰᠢᠭᠤ ᠲᠣᠭᠤᠷᠢᠭ ᠲᠤ ᠪᠣᠷᠤᠯᠠᠭᠤᠯᠵᠤ ᠪᠠᠶᠢᠬᠤ ᠪᠦᠭᠡᠳ ᠪᠠᠰᠠ ᠠᠯᠠᠱᠠ᠂ ᠬᠦᠯᠤᠨ ᠪᠤᠶᠢᠷ ᠵᠡᠷᠭᠡ ᠭᠠᠵᠠᠷ ᠤᠳ ᠢᠶᠠᠷ ᠪᠤᠷᠤᠯᠠᠭᠤᠯᠵᠤ ᠪᠤᠢ᠃            ︽ᠮᠣᠳᠣᠨ ᠭᠠᠷ ᠤᠷᠠᠯᠠᠯ ᠬᠥᠳᠡᠯᠮᠦᠷᠢᠴᠢᠨ ᠠᠷᠠᠳ ᠲᠦᠮᠡᠨ ᠤ ᠬᠢᠵᠠᠭᠠᠯᠠᠰᠢ ᠦᠭᠡᠢ ᠣᠶᠤᠨ ᠤᠬᠠᠭᠠᠨ ᠢ ᠢᠯᠡᠷᠡᠬᠦᠯᠤᠭ᠍ᠰᠡᠨ ᠪᠠᠶᠢᠳᠠᠬ ᠂ ᠨᠠᠶᠢᠬᠡᠮ ᠤᠨ ᠬᠥᠭᠵᠢᠯᠳᠡ ᠲᠠᠪᠰᠢᠯᠳᠠ ᠠᠴᠠ ᠪᠣᠯᠵᠣ ᠤᠯᠠᠮᠵᠢᠯᠠᠯᠲᠤ ᠮᠣᠳᠣᠨ ᠭᠠᠷ ᠤᠷᠠᠯᠠᠯ ᠠᠯᠭᠤᠷ ᠠᠭᠠᠵᠢᠮ ᠢᠶᠠᠷ ᠬᠡᠬᠡᠭᠳᠡᠵᠣ᠂ ᠰᠤᠷᠴᠤ  ᠪᠠᠶᠢᠭ᠎ᠠ ᠬᠥᠮᠦᠨ ᠴᠦ ᠴᠦᠭᠡᠨ ᠪᠤᠯᠵᠠᠢ᠃ ᠤᠳᠤ ᠪᠢ ᠨᠢᠭᠡ ᠱᠠᠪᠢ ᠡᠯᠰᠡᠵᠤ ᠥᠪᠡᠷ ᠤᠨ ᠡᠷᠳᠡᠮ ᠢᠶᠠᠨ ᠤᠯᠠᠮᠵᠢᠯᠠᠬᠤ ᠰᠠᠨᠠᠭ᠎ᠠ ᠲᠠᠢ︾ ᠭᠡᠵᠦ  ᠡᠷᠳᠡᠨᠢᠪᠢᠯᠢᠭ ᠶᠠᠷᠢᠵᠦ ᠪᠠᠶᠢᠯ᠎ᠠ᠃   
ᠢᠷᠡᠯᠲᠡ᠄ ᠬᠤᠳᠠ ᠶᠢᠨ ᠬᠠᠮ ᠵᠠᠭᠤᠴᠢᠯᠠᠭᠤᠷ ᠤᠨ ᠲᠥᠪ