1 — 9 ᠰᠠᠷ᠎ᠠ ᠳᠤ ᠮᠠᠨ ᠤ ᠬᠤᠲᠠ ᠶᠢᠨ ᠭᠠᠳᠠᠭᠠᠳᠤ ᠳᠤ ᠭᠠᠷᠭᠠᠬᠤ ᠪᠠᠷᠠᠭ᠎ᠠ ᠶᠢᠨ ᠤᠤᠯ ᠭᠠᠷᠤᠯᠲᠠ ᠶᠢᠨ ᠭᠠᠵᠠᠷ ᠤᠨ ᠦᠨᠡᠮᠯᠡᠯ ᠤᠨ ᠸᠢᠰᠠ ᠶᠢᠨ ᠵᠣᠭᠤᠰ ᠤᠨ ᠲᠤᠭ᠎ᠠ ᠨᠢ 12 ᠳ᠋ᠦᠩᠰᠢᠭᠤᠷ ᠲᠦᠭᠦᠷᠢᠭ ᠲᠤ ᠬᠦᠷᠴᠠᠢ
ᠨᠡᠶᠢᠲᠡᠯᠡᠭᠰᠡᠨ ᠴᠠᠭ᠄
2023/10/19
    1 — 9 ᠰᠠᠷ᠎ᠠ ᠳᠤ᠂ ᠬᠤᠲᠠ ᠶᠢᠨ ᠠᠷᠠᠯᠵᠢᠶ᠎ᠠ ᠶᠢ ᠠᠬᠢᠭᠤᠯᠬᠤ ᠬᠤᠷᠠᠯ ᠠᠴᠠ ᠭᠠᠳᠠᠭᠠᠳᠤ ᠳᠤ ᠭᠠᠷᠭᠠᠬᠤ ᠪᠠᠷᠠᠭᠠᠨ ᠤ ᠤᠤᠯ ᠭᠠᠷᠤᠯᠲᠠ ᠶᠢᠨ ᠭᠠᠵᠠᠷ ᠤᠨ ᠦᠨᠡᠮᠯᠡᠯ ᠢ ᠨᠡᠶᠢᠲᠡ 1272 ᠬᠤᠪᠢ ᠭᠠᠷ ᠤᠨ ᠥᠰᠥᠭ ᠵᠢᠷᠤᠵᠤ ᠣᠯᠭᠤᠵᠠᠢ᠃ ᠡᠭᠦᠨ ᠳᠤ ᠡ᠊ᠩ ᠤᠨ ᠤᠤᠯ ᠭᠠᠷᠤᠯᠲᠠ ᠶᠢᠨ ᠭᠠᠵᠠᠷ ᠤᠨ ᠦᠨᠡᠮᠯᠡᠯ 1252 ᠬᠤᠪᠢ᠂ ᠣᠷᠣᠨ ᠪᠦᠰᠡ ᠶᠢᠨ ᠴᠢᠯᠦᠭᠡᠲᠦ ᠠᠷᠠᠯᠵᠢᠶᠠᠨ ᠤ ᠬᠡᠯᠡᠯᠴᠡᠭᠡᠷ ᠤᠨ ᠬᠠᠷᠠᠭᠠᠯᠵᠠᠯᠲᠤ ᠤᠤᠯ ᠭᠠᠷᠤᠯᠲᠠ ᠶᠢᠨ ᠭᠠᠵᠠᠷ ᠤᠨ ᠦᠨᠡᠮᠯᠡᠯ ︵RCEP᠎ ᠶᠢᠨ ᠤᠤᠯ ᠭᠠᠷᠤᠯᠲᠠ ᠶᠢᠨ ᠭᠠᠵᠠᠷ ᠤᠨ ᠦᠨᠡᠮᠯᠡᠯ ᠪᠠᠭᠲᠠᠨ᠎ᠠ︶ 20 ᠬᠤᠪᠢ ᠪᠠᠶᠢᠵᠤ᠂ ᠸᠢᠰᠠ ᠶᠢᠨ ᠪᠠᠷᠠᠭᠠᠨ ᠤ ᠵᠣᠭᠤᠰᠤᠨ ᠲᠤᠭ᠎ᠠ ᠨᠡᠶᠢᠲᠡ 12.2821 ᠳ᠋ᠦᠩᠰᠢᠭᠤᠷ ᠲᠥᠭᠦᠷᠢᠭ ᠲᠤ ᠬᠦᠷᠴᠦ᠂ ᠸᠢᠰᠠ ᠶᠢᠨ ᠲᠤᠭ᠎ᠠ ᠬᠡᠮᠵᠢᠶ᠎ᠡ ᠨᠢ ᠠᠳᠠᠯᠢ ᠬᠤᠭᠤᠴᠠᠭᠠᠨ ᠤ ᠬᠢ ᠠᠴᠠ 36.5 %᠎ ᠪᠠᠷ ᠨᠡᠮᠡᠭᠳᠡᠵᠡᠢ᠃     ᠸᠢᠰᠠ ᠶᠢᠨ ᠭᠠᠳᠠᠭᠠᠳᠤ ᠳᠤ ᠭᠠᠷᠭᠠᠬᠤ ᠪᠠᠷᠠᠭᠠᠨ ᠤ ᠵᠣᠭᠤᠰ ᠤᠨ ᠲᠤᠭ᠎ᠠ ᠪᠠᠷ ᠡᠮᠦᠨ᠎ᠡ 12 ᠨᠡᠷᠡᠰ ᠲᠤ ᠵᠢᠭᠰᠠᠭᠠᠭᠳᠠᠭᠰᠠᠨ ᠤᠯᠤᠰ ᠪᠣᠯ ᠡᠨᠡᠳᠬᠡᠭ᠂ ᠮᠣᠩᠭᠤᠯ ᠤᠯᠤᠰ᠂ ᠠᠹᠭᠠᠨᠢᠰᠲ᠋ᠠᠨ᠂ ᠲᠦᠷᠺ᠂ ᠫᠤᠯᠠᠨᠳ᠋᠂ ᠤᠮᠠᠨ᠂ ᠮᠤᠷᠤᠺᠺᠤ᠂ ᠷᠦᠸᠠᠨᠳᠠ᠂ ᠵᠢᠪᠦ᠋ᠲ᠋ᠢ᠂ ᠺᠤᠰᠲ᠋ᠠ ᠷᠢᠺᠠ᠂ ᠶᠠᠫᠤᠨ᠂ ᠺᠣᠷᠢᠶᠠ ᠪᠣᠯᠣᠨ᠎ᠠ᠃ ᠭᠠᠳᠠᠭᠠᠳᠤ ᠳᠤ ᠭᠠᠷᠭᠠᠬᠤ ᠪᠠᠷᠠᠭᠠᠨ ᠤ ᠲᠥᠷᠥᠯ ᠵᠦᠢᠯ ᠳᠤ ᠭᠤᠣᠯᠳᠠᠭᠤ ᠢᠮᠠᠭᠠᠨ ᠨᠤᠤᠯᠤᠭᠤᠷ ᠤᠨ ᠪᠦᠲᠦᠭᠡᠭᠳᠡᠬᠦᠨ᠂ ᠪᠠᠷᠢᠯᠭ᠎ᠠ ᠶᠢᠨ ᠪᠠᠷᠠᠭᠠᠨ ᠤ ᠲᠡᠷᠭᠡ᠂ ᠰᠢᠨ᠎ᠡ ᠡᠨᠧᠷᠭᠢ ᠶᠢᠨ ᠮᠠᠰᠢᠨ ᠲᠡᠷᠭᠡ᠂ ᠴᠠᠬᠢᠭᠤᠷ ᠲᠡᠮᠦᠷ᠂ ᠭᠤᠤ ᠯᠢᠩ ᠰᠢᠷᠣᠢ᠂ ᠤᠷᠢᠶᠠᠮᠠᠭ ᠵᠠᠮᠠᠭ᠂ ᠢᠳᠡᠮᠡᠬᠡᠢ ᠱᠦᠯᠲᠦ᠂ ᠬᠢᠮᠢ ᠶᠢᠨ ᠪᠣᠷᠳᠣᠭᠤᠷ᠂ ᠪᠥᠭᠡᠭᠡᠨᠡᠷᠡᠯ ᠡᠲ᠋ᠧᠨᠢᠯ ᠠᠯᠺᠣᠣᠯ᠂ ᠢᠽᠤᠫᠷᠤᠫᠢᠯ ᠠᠯᠺᠣᠣᠯ᠂ ᠪᠥᠭᠡᠭᠡᠨᠡᠷᠡᠯ ᠾᠯᠤᠷᠤ᠋ ᠡᠲ᠋ᠧᠨ᠂ ᠪᠥᠭᠡᠭᠡᠨᠡᠷᠡᠯ ᠫᠢᠷᠦ᠋ᠫᠧᠨ ᠵᠡᠷᠭᠡ ᠪᠠᠭᠲᠠᠨ᠎ᠠ᠃ ᠣᠯᠠᠨ ᠤᠯᠤᠰ ᠤᠨ ᠬᠤᠳᠠᠯᠳᠤᠭᠠᠨ ᠤ ᠶᠠᠪᠤᠳᠠᠯ ᠤᠨ ᠭᠡᠷᠡᠴᠢ ᠭᠠᠷᠭᠠᠵᠤ ᠥᠭᠭᠦᠭᠰᠡᠨ ᠪᠠ ᠺᠤᠨᠰᠦᠯ ᠠᠴᠠ ᠭᠡᠷᠡᠴᠢᠯᠡᠵᠦ ᠣᠷᠣᠯᠠᠨ ᠬᠦᠢᠴᠡᠳᠭᠡᠭᠰᠡᠨ ᠨᠢ ᠨᠡᠶᠢᠲᠡ 62 ᠬᠤᠪᠢ ᠪᠠᠶᠢᠵᠤ᠂ ᠭᠡᠷᠡᠴᠢᠯᠡᠯ ᠤᠨ ᠪᠢᠴᠢᠭ ᠲᠤ ᠬᠤᠳᠠᠯᠳᠤᠭᠠᠨ ᠤ ᠪᠠᠷᠢᠮᠲᠠ᠂ ᠬᠤᠳᠠᠯᠳᠤᠭᠠᠨ ᠤ ᠢᠯᠡᠷᠬᠡᠶᠢᠯᠡᠯᠲᠡ᠂ ᠡᠷᠡᠭᠦᠯ ᠮᠡᠨᠳᠦ ᠶᠢᠨ ᠭᠡᠷᠡᠴᠢᠯᠡᠯ᠂ ᠬᠤᠳᠠᠯᠳᠤᠭᠠᠨ ᠤ ᠭᠡᠷᠡᠴᠢᠯᠡᠯ᠂ ᠴᠢᠯᠦᠭᠡᠲᠦ ᠪᠣᠷᠤᠯᠠᠭᠤᠯᠭ᠎ᠠ ᠶᠢᠨ ᠭᠡᠷᠡᠴᠢᠯᠡᠯ᠂ ᠭᠤᠷᠪᠠᠳᠠᠭᠢ ᠡᠲᠡᠭᠡᠳ ᠤᠨ ᠰᠢᠯᠭᠠᠨ ᠪᠠᠶᠢᠴᠠᠭᠠᠵᠤ ᠭᠡᠷᠡᠴᠢᠯᠡᠭᠰᠡᠨ ᠦᠨᠡᠮᠯᠡᠯ᠂ ᠡᠵᠡᠩᠨᠡᠯᠲᠡ ᠶᠢᠨ ᠦᠨᠡᠮᠯᠡᠯ ᠵᠡᠷᠭᠡ ᠲᠥᠷᠥᠯ ᠵᠦᠢᠯ ᠪᠠᠭᠲᠠᠨ᠎ᠠ᠃ ᠦᠨᠡᠮᠯᠡᠯ ᠢ ᠭᠧᠷᠮᠠᠨ᠂ ᠪᠧᠯᠭᠢ᠂ ᠤᠮᠠᠨ᠂ ᠲᠦᠷᠺ᠂ ᠠᠷᠭᠧᠨ᠋ᠲ᠋ᠢᠨ᠂ ᠪᠷᠠᠽᠢᠯ᠂ ᠢᠰᠫᠠᠨᠢ᠂ ᠲᠠᠢ ᠤᠯᠤᠰ᠂ ᠰᠠᠦ᠋ᠳ᠋ ᠠᠷᠠᠪ᠂ ᠹᠢᠯᠢᠫᠢᠨ᠂ ᠭᠷᠧᠭ᠂  ᠭᠤᠸ᠋ᠨᠲ᠋ᠧᠮᠠᠯᠨ ᠵᠡᠷᠭᠡ ᠤᠯᠤᠰ ᠲᠤ ᠬᠡᠷᠡᠭᠯᠡᠵᠦ ᠪᠣᠶ᠃
ᠢᠷᠡᠯᠲᠡ᠄ 1 — 9 ᠰᠠᠷ᠎ᠠ ᠳᠤ ᠮᠠᠨ ᠤ ᠬᠤᠲᠠ ᠶᠢᠨ ᠭᠠᠳᠠᠭᠠᠳᠤ ᠳᠤ ᠭᠠᠷᠭᠠᠬᠤ ᠪᠠᠷᠠᠭ᠎ᠠ ᠶᠢᠨ ᠤᠤᠯ ᠭᠠᠷᠤᠯᠲᠠ ᠶᠢᠨ ᠭᠠᠵᠠᠷ ᠤᠨ ᠦᠨᠡᠮᠯᠡᠯ ᠤᠨ ᠸᠢᠰᠠ