ᠣᠶᠢᠷ᠎ᠠ ᠳᠤ᠂ ᠬᠢᠶ᠎ᠠ ᠪᠠᠭᠰᠢ ᠲᠣᠭᠤᠷᠢᠭ ᠤᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ ︽ᠪᠢᠴᠢᠭ ᠤᠨ ᠰᠤᠷᠪᠤᠯᠵᠢᠲᠤ ᠬᠢᠶ᠎ᠠ ᠪᠠᠭᠰᠢ︾ ᠲᠣᠭᠠᠴᠢᠯᠠᠭᠰᠠᠨ | ᠣᠯᠠᠨ ᠨᠡᠶᠢᠲᠡ ᠶᠢᠨ ᠰᠣᠶᠣᠯ ᠢ ᠠᠭᠤᠰᠤᠯᠴᠠᠭᠤᠯᠬᠤ ᠲᠥᠷᠥᠯ ᠵᠦᠢᠯ ᠤᠨ ᠡᠭᠦᠯᠡᠨ ᠦᠵᠦᠭᠦᠷ ᠤᠨ ︽ᠲᠣᠭᠠᠴᠢᠯᠠᠭᠰᠠᠨ ᠨᠣᠮ ᠤᠨ ᠰᠠᠩ︾ ᠢ ᠭᠠᠷᠭᠠᠵᠤ᠂ 10 | ᠲᠦᠮᠡᠨ ᠨᠣᠮ ᠪᠢᠴᠢᠭ ᠢ ᠣᠯᠠᠨ ᠲᠦᠮᠡᠨ ᠳᠤ ᠴᠠᠭ ᠢᠮᠠᠭᠲᠠ ᠰᠦᠢᠳᠬᠡᠯ ᠬᠤᠷᠢᠶᠠᠬᠤ ᠥᠬᠡᠶ ᠪᠠᠷ ᠰᠤᠷᠤᠯᠴᠠᠭᠤᠯᠪᠠ᠃ | ᠣᠶᠢᠯᠠᠭᠠᠭᠰᠠᠨ ᠢᠶᠠᠷ᠂ ᠡᠭᠦᠯᠡᠨ ᠲᠠᠪᠴᠠᠩ ᠤᠨ ︽ᠲᠣᠭᠠᠴᠢᠯᠠᠭᠰᠠᠨ ᠨᠣᠮ ᠤᠨ ᠰᠠᠩ︾ ᠨᠢ H5 ᠡᠭᠦᠯᠡᠨ ᠤᠩᠰᠢᠯᠭ᠎ᠠ ᠶᠢ ︽ᠺᠣᠳ᠋ ᠳᠡᠭᠡᠷᠡᠬᠢ ᠤᠶᠤᠨᠴᠢ | ᠠᠮᠢᠳᠤᠷᠠᠯ︾ ᠭᠡᠬᠦ ᠵᠢᠵᠢᠭ ᠫᠷᠤᠭ᠍ᠷᠠᠮ᠂ ᠬᠢᠶ᠎ᠠ ᠪᠠᠭᠰᠢ ᠲᠣᠭᠤᠷᠢᠭ ᠤᠨ 4 ᠵᠡᠭᠡᠯᠢ ᠭᠤᠳᠤᠮᠵᠢ ᠶᠢᠨ ᠸᠢᠴᠠᠲ ᠤᠨ ᠣᠯᠠᠨ ᠨᠡᠶᠢᠲᠡ ᠶᠢᠨ ᠳ᠋ᠤᠭᠠᠷ᠂ ᠬᠢᠶ᠎ᠠ ᠪᠠᠭᠰᠢ ᠶᠢᠨ | ᠰᠣᠶᠣᠯ ᠵᠢᠭᠤᠯᠴᠢᠯᠠᠯ ᠤᠨ ᠸᠢᠴᠠᠲ ᠤᠨ ᠨᠡᠶᠢᠲᠡ ᠶᠢᠨ ᠳ᠋ᠤᠭᠠᠷ᠂ ᠢᠨᠲ᠋ᠧᠷ ᠰᠦᠯᠵᠢᠶᠡᠨ ᠤ ᠤᠩᠰᠢᠯᠭ᠎ᠠ ᠶᠢᠨ ᠡᠭᠦᠯᠡᠨ ᠲᠠᠪᠴᠠᠩ ᠢᠶᠠᠷ ᠳᠠᠮᠵᠢᠭᠤᠯᠤᠨ᠂ 24 | ᠴᠠᠭ ᠤᠨ ᠰᠠᠭᠠᠳ ᠥᠬᠡᠶ ᠵᠠᠭᠠᠭ ᠬᠢᠵᠠᠭᠠᠷ ᠥᠬᠡᠶ ᠪᠣᠰᠤᠭ᠎ᠠ ᠴᠣᠭᠴᠠᠲᠤ ᠮᠠᠶ᠋ᠢᠭ ᠤᠨ ᠤᠩᠰᠢᠯᠭ᠎ᠠ ᠶᠢ ᠪᠡᠶᠡᠯᠡᠭᠦᠯᠪᠡ᠃ ︽ᠲᠣᠭᠠᠴᠢᠯᠠᠭᠰᠠᠨ ᠨᠣᠮ ᠤᠨ ᠰᠠᠩ︾ ᠨᠢ | ᠣᠯᠠᠨ ᠲᠥᠷᠥᠯ ᠤᠨ ᠨᠣᠮ ᠪᠢᠴᠢᠭ ᠢ ᠬᠠᠮᠤᠷᠴᠤ᠂ 10 ᠲᠦᠮᠡᠨ ᠳᠡᠪᠲᠡᠷ ᠡᠯᠧᠺᠳ᠋ᠷᠣᠨ ᠨᠣᠮ ᠪᠢᠴᠢᠭ ᠪᠠ 3 ᠲᠦᠮᠡᠨ ᠬᠡᠰᠡᠭ ᠳᠠᠭᠤᠲᠤ ᠨᠣᠮ ᠪᠢᠴᠢᠭ ᠢ | ᠪᠠᠭᠲᠠᠭᠠᠭᠰᠠᠨ ᠪᠥᠭᠡᠳ ᠨᠢᠭᠡ ᠨᠠᠰᠤᠲᠠᠨ ᠨᠢᠭᠡ ᠪᠠᠭ᠎ᠠ ᠳᠤ ᠴᠢᠭᠯᠡᠭᠦᠯᠦᠨ᠂ ︽ᠮᠥᠩᠭᠦᠨ ᠨᠠᠰᠤᠨ ᠤ ᠲᠤᠰᠬᠠᠶ ᠣᠷᠣᠨ︾ ᠪᠠ ︽ᠪᠠᠭᠠᠴᠤᠳ ᠤᠨ ᠲᠤᠰᠬᠠᠶ ᠣᠷᠣᠨ︾ | ᠢ ᠭᠠᠷᠭᠠᠵᠤ᠂ ᠠᠳᠠᠯᠢ ᠪᠤᠰᠤ ᠨᠠᠰᠤᠨ ᠤ ᠬᠡᠷᠡᠭᠯᠡᠭᠴᠢᠳ ᠲᠤ ᠣᠨᠴᠠᠯᠢᠭᠲᠤ ᠤᠩᠰᠢᠯᠭ᠎ᠠ ᠶᠢᠨ ᠦᠢᠯᠡᠴᠢᠯᠡᠭᠡ ᠬᠠᠩᠭᠠᠪᠠ᠃ | |