ᠰᠢᠤᠸᠠᠢ ᠵᠢᠶᠠ ᠸᠠᠨ ᠤ ᠮᠡᠳᠡᠭᠡ ᠤᠢᠢᠷ᠎ᠠ ᠶᠢᠨ ᠵᠢᠯ ᠠᠴᠠ ᠨᠠᠭᠠᠰᠢ᠂ ᠵᠡᠭᠦᠨᠭᠠᠷ ᠬᠤᠰᠢᠭᠤ ᠤᠯᠡᠨ ᠲᠦᠮᠡᠨ ᠳᠤ ᠤᠯᠠᠨ ᠶᠠᠩᠵᠤᠴᠢᠯᠠᠬᠰᠠᠨ ᠨᠠᠰᠤᠳᠠᠨ ᠤ | ᠠᠰᠠᠷᠠᠮᠵᠢ ᠪᠣᠯᠤᠨ ᠨᠠᠶᠢᠳᠠᠨ ᠬᠥᠮᠦᠵᠢᠭᠦᠯᠬᠦ ᠬᠡᠷᠡᠭᠴᠡᠭᠡ ᠶᠢ ᠲᠠᠰᠤᠷᠠᠯᠳᠡ ᠦᠭᠡᠢ ᠬᠠᠩᠭᠠᠵᠤ᠂ ᠨᠠᠰᠤᠳᠠᠶᠢᠴᠤᠳ ᠭᠡᠤᠭᠡᠳ ᠲᠤ ᠥᠨᠳᠥᠷ ᠴᠢᠨᠠᠷᠵᠢᠯ ᠲᠠᠢ ᠰᠠᠶᠢᠨ | ᠰᠠᠶᠢᠬᠠᠨ ᠵᠣᠯ ᠵᠢᠷᠭᠠᠯᠲᠤ ᠠᠮᠢᠳᠤᠷᠠᠯ ᠢ ᠴᠣᠭᠴᠠᠯᠠᠨ ᠦᠭᠴᠦ ᠪᠠᠶᠢᠨ᠎ᠠ᠃ | ᠵᠤᠨ ᠤ ᠠᠮᠠᠷᠠᠯᠲᠠ ᠶᠢᠨ ᠬᠤᠭᠤᠴᠠᠭᠠᠨ ᠳᠤ᠂ ᠱᠠᠭᠳᠠᠷ ᠪᠠᠯᠭᠠᠰᠤ ᠶᠢᠨ ᠶᠢᠩ ᠪᠢᠨ ᠨᠡᠶᠢᠭᠡᠮ ᠲᠣᠭᠤᠷᠢᠭ ᠤᠨ ᠬᠤᠷᠠᠯ ᠤᠨ ᠭᠡᠷ ᠢ ᠬᠡᠦᠬᠡᠳ ᠤᠨ ᠳᠤᠷ᠎ᠠ | ᠰᠣᠨᠢᠷᠬᠠᠯ ᠤᠨ ᠬᠢᠴᠢᠶᠡᠯ ᠤᠨ ᠲᠠᠩᠭᠢᠮ ᠪᠣᠯᠭᠠᠨ ᠬᠤᠪᠢᠷᠠᠭᠤᠯᠵᠤ᠂ ᠰᠢᠲᠠᠷ᠎ᠠ᠂ ᠤᠷᠠᠨ ᠪᠢᠴᠢᠯᠭᠡ ᠵᠡᠷᠭᠡ ᠳᠤᠷ᠎ᠠ ᠰᠣᠨᠢᠷᠬᠠᠯ ᠤᠨ ᠬᠢᠴᠢᠶᠡᠯ ᠢ ᠡᠭᠡᠯᠵᠢᠯᠡᠨ ᠡᠷᠭᠢᠯᠡᠪᠡ᠃ | ᠠᠮᠠᠷᠠᠯᠲᠠ ᠶᠢᠨ ᠬᠤᠭᠤᠴᠠᠭᠠᠨ ᠳᠤ ᠤᠯᠠᠨ ᠬᠡᠷ ᠪᠦᠯᠢ ᠶᠢᠨ ᠬᠡᠤᠬᠡᠳ ᠢ ᠬᠠᠷᠠᠵᠤ ᠬᠠᠮᠢᠶᠠᠷᠬᠤ ᠬᠥᠮᠦᠨ ᠥᠬᠡᠶ ᠪᠠᠶᠢᠬᠤ ᠬᠦᠴᠢᠷ ᠠᠰᠠᠭᠤᠳᠠᠯ ᠢ ᠰᠢᠢᠳᠪᠦᠷᠢᠯᠡᠬᠦ ᠶᠢᠨ | ᠲᠥᠯᠣᠭᠡ᠂ ᠶᠢᠩ ᠪᠢᠨ ᠨᠡᠶᠢᠭᠡᠮ ᠲᠣᠭᠤᠷᠢᠭ ᠡᠪᠦᠯ ᠵᠣᠨ ᠤ ᠠᠮᠠᠷᠠᠯᠲᠠ ᠳᠤ ᠨᠡᠶᠢᠲᠡ ᠶᠢᠨ ᠠᠰᠠᠷᠠᠮᠵᠢ ᠶᠢᠨ ᠬᠢᠴᠢᠶᠡᠯ ᠤᠨ ᠲᠠᠩᠭᠢᠮ ᠢ ᠨᠡᠭᠡᠭᠡᠵᠦ᠂ ᠣᠶᠤᠲᠠᠨ ᠰᠠᠶᠢᠨ | ᠲᠤᠷᠠᠴᠤᠤᠯ ᠢ ᠤᠷᠢᠵᠤ᠂ ᠭᠡᠤᠭᠡᠳ ᠪᠠᠭᠠᠴᠤᠳ ᠲᠠᠢ ᠬᠠᠮᠳᠤ ᠠᠮᠠᠷᠠᠯᠲᠠ ᠶᠢᠨ ᠬᠤᠭᠤᠴᠠᠭ᠎ᠠ ᠪᠠᠨ ᠤᠳᠬ᠎ᠠ ᠠᠭᠤᠯᠭ᠎ᠠ ᠲᠠᠢ ᠥᠩᠭᠡᠷᠡᠭᠦᠯᠳᠡᠭ ᠪᠠᠶᠢᠨ᠎ᠠ᠃ | ︽ᠡ᠊ᠨᠳᠡ ᠮᠠᠰᠢ ᠤᠯᠠᠨ ᠪᠢᠴᠢᠬᠠᠨ ᠨᠠᠶᠢᠵᠠ ᠨᠠᠷ ᠪᠠᠶᠢᠨ᠎ᠠ᠂ ᠪᠢᠳᠡ ᠬᠠᠮᠲᠤ ᠪᠠᠷ ᠨᠠᠭᠠᠳᠴᠤ ᠬᠠᠮᠲᠤ ᠪᠠᠷ ᠮᠡᠳᠡᠯᠭᠡ ᠰᠤᠷᠤᠯᠴᠠᠨ᠎ᠠ᠂ ᠣᠶᠤᠲᠠᠨ ᠠᠬ᠎ᠠ ᠡᠭᠡᠴᠢ | ᠨᠠᠷ ᠪᠠᠰᠠ ᠪᠢᠳᠡᠨ ᠢ ᠵᠣᠬᠢᠶᠠᠨ ᠪᠠᠶᠢᠭᠤᠯᠵᠤ ᠡᠯ᠎ᠡ ᠵᠦᠢᠯ ᠤᠨ ᠳᠤᠷ᠎ᠠ ᠰᠣᠨᠢᠷᠬᠠᠯᠳᠤ ᠠᠵᠢᠯᠯᠠᠭ᠎ᠠ ᠥᠷᠨᠢᠭᠦᠯᠤᠭ᠍ᠰᠡᠨ ᠠᠴᠠ ᠪᠢ ᠵᠤᠨ ᠤ ᠠᠮᠠᠷᠠᠯᠲᠠ ᠪᠠᠨ ᠮᠠᠰᠢ | ᠤᠳᠬ᠎ᠠ ᠠᠭᠤᠯᠭ᠎ᠠ ᠲᠠᠢ ᠦᠡᠭᠭᠡᠷᠡᠭᠦᠯᠵᠠᠢ︾ ᠭᠡᠵᠦ ᠵᠢᠷᠭᠤᠳᠤᠭᠠᠷ ᠣᠨ ᠤ ᠰᠤᠷᠤᠭᠴᠢ ᠶᠠᠩ ᠪᠥᠸᠧ ᠬᠤᠤ ᠶᠠᠷᠢᠨ᠎ᠠ᠃ | ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠲᠠᠪᠴᠠᠩ ᠢ ᠦᠨᠢᠷ ᠪᠠᠶᠠᠯᠢᠭ ᠠᠭᠤᠯᠭ᠎ᠠ ᠲᠠᠢ ᠦᠷᠨᠢᠭᠦᠯᠭᠦ ᠶᠢᠨ ᠲᠥᠯᠣᠭᠡ᠂ ᠶᠢᠩ ᠪᠢᠨ ᠨᠡᠶᠢᠭᠡᠮ | ᠲᠣᠭᠤᠷᠢᠭ ᠤᠨ ᠬᠢᠨ 2018 ᠣᠨ ᠳᠤ ︽ᠲᠤᠯᠤᠭᠠᠨ ᠥᠩᠭᠡᠲᠦ ᠬᠡᠤᠬᠡᠳ ᠤᠨ ᠬᠡᠷ︾ ᠢ ᠪᠠᠶᠢᠭᠤᠯᠵᠤ᠂ ᠵᠠᠰᠠᠭ ᠤᠨ ᠣᠷᠳᠣᠨ ᠠᠴᠠ ᠦᠢᠯᠡᠴᠢᠯᠡᠭᠡ ᠬᠤᠳᠠᠯᠳᠤᠨ | ᠠᠪᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠲᠣᠭᠲᠠᠮᠠᠯ ᠬᠤᠭᠤᠴᠠᠭ᠎ᠠ ᠲᠠᠢ ᠪᠠᠷ ᠬᠠᠷᠢᠶ᠎ᠠ ᠣᠷᠣᠨ ᠤ ᠬᠦᠴᠢᠷᠳᠡᠯᠲᠡᠶ ᠬᠡᠷ ᠪᠦᠯᠢ ᠶᠢᠨ ᠬᠡᠤᠬᠡᠳ ᠢ ᠵᠣᠬᠢᠶᠠᠨ | ᠪᠠᠶᠢᠭᠤᠯᠤᠨ ᠣᠯᠠᠨ ᠬᠡᠯᠪᠡᠷᠢ ᠶᠢᠨ ᠠᠵᠢᠯᠯᠠᠭ᠎ᠠ ᠥᠷᠨᠢᠭᠦᠯᠵᠦ᠂ ᠬᠡᠷ ᠤᠨ ᠠᠬᠠᠮᠠᠳ ᠤᠨ ᠭᠦᠴᠢᠷᠳᠡᠯ ᠢ ᠰᠶᠢᠳᠪᠤᠷᠢᠯᠠᠨ᠂ ᠬᠡᠤᠬᠡᠳ ᠲᠤ ᠡᠷᠡᠭᠦᠯ ᠴᠢᠭᠢᠷᠠᠭ ᠪᠠᠶᠠᠷ | ᠬᠥᠷ ᠲᠠᠢ ᠦᠰᠦᠨ ᠪᠤᠶᠢᠵᠢᠬᠤ ᠤᠷᠴᠢᠨ ᠨᠦᠭᠦᠴᠡᠯ ᠢ ᠬᠠᠨᠭ᠍ᠭᠠᠬᠰᠠᠨ ᠪᠠᠶᠢᠨ᠎ᠠ᠃ | ᠱᠠᠭᠳᠠᠷ ᠪᠠᠯᠭᠠᠰᠤᠨ ᠳᠤ᠂ ᠨᠠᠰᠤᠲᠠᠶᠢᠴᠤᠳ ᠲᠤ ᠵᠣᠷᠢᠭᠤᠯᠤᠭᠰᠠᠨ ᠡᠯ᠎ᠡ ᠵᠦᠢᠯ ᠤᠨ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠴᠦ ᠭᠠᠵᠠᠷ ᠰᠠᠢ ᠦᠭᠡᠢ | ᠶᠠᠪᠤᠭᠳᠠᠨ᠎ᠠ᠃ ᠨᠡᠶᠢᠭᠡᠮ ᠲᠣᠭᠤᠷᠢᠭ ᠨᠢᠬᠡ ᠪᠦᠷᠢ ᠥᠪᠡᠷᠮᠢᠴᠡ ᠣᠨᠴᠠᠯᠢᠭ ᠲᠠᠢ ᠨᠠᠰᠤᠲᠠᠶᠢᠴᠤᠳ ᠤᠨ ᠶᠡᠭᠡ ᠰᠤᠷᠭᠠᠭᠤᠯᠢ ᠶᠢᠨ ᠬᠢᠴᠢᠶᠡᠯ᠂ ᠲᠠᠭᠤᠤ ᠭᠦᠭᠵᠢᠮ ᠤᠨ | ᠠᠩᠭᠢ᠂ ᠪᠥᠵᠢᠭ ᠤᠨ ᠠᠩᠭᠢ᠂ ᠬᠠᠷᠠᠩᠭ᠎ᠠ ᠬᠡᠩᠭᠡᠷᠭᠡ ᠶᠢᠨ ᠠᠩᠭᠢ᠂ ᠮᠠᠩᠬᠠᠨ ᠠᠶᠠᠯᠭᠤ ᠶᠢᠨ ᠠᠩᠭᠢ ᠵᠡᠷᠭᠡ ᠬᠢᠴᠢᠶᠡᠯ ᠢ ᠨᠡᠭᠡᠭᠡᠵᠡᠶ᠃ ᠡᠩ ᠤᠨ ᠴᠠᠭ ᠲᠤ᠂ | ᠨᠠᠰᠤᠲᠠᠶᠢᠴᠤᠳ ᠨᠡᠶᠢᠭᠡᠮ ᠲᠤᠭᠤᠷᠢᠭ ᠢᠶᠠᠷ ᠲᠤᠭᠤᠷᠢᠨ᠂ ᠤᠯᠠᠨ ᠬᠡᠯᠪᠡᠷᠢ ᠶᠢᠨ ᠳᠤᠷ᠎ᠠ ᠰᠣᠨᠢᠷᠬᠠᠯ ᠤᠨ ᠬᠢᠴᠢᠶᠡᠯ ᠳᠤ ᠣᠷᠣᠯᠴᠠᠳᠠᠭ᠃ ᠡᠭᠦᠨ ᠠᠴᠠ ᠭᠠᠳᠠᠨ᠎ᠠ᠂ | ᠨᠡᠶᠢᠭᠡᠮ ᠲᠣᠭᠤᠷᠢᠭ ᠤᠨ ᠬᠢᠨ ᠪᠠᠰᠠ ᠲᠣᠭᠲᠠᠮᠠᠯ ᠬᠤᠭᠤᠴᠠᠭ᠎ᠠ ᠲᠠᠢ ᠪᠠᠷ ᠨᠠᠰᠤᠲᠠᠶᠢᠴᠤᠳ ᠢ ᠵᠣᠬᠢᠶᠠᠨ ᠪᠠᠶᠢᠭᠤᠯᠤᠨ ᠠᠭᠤᠳᠠᠮ ᠲᠠᠯᠠᠪᠠᠶ ᠶᠢᠨ ᠪᠥᠵᠢᠭ᠂ ᠰᠢᠲᠠᠷ᠎ᠠ᠂ | ᠬᠥᠵᠥᠷ ᠵᠡᠷᠭᠡ ᠤᠷᠤᠯᠳᠤᠭᠠᠨ ᠳᠤ ᠤᠷᠤᠯᠴᠠᠵᠤ᠂ ᠨᠠᠰᠤᠲᠠᠶᠢᠴᠤᠳ ᠦᠳᠡᠯᠣᠭᠡ ᠨᠠᠰᠤ ᠪᠠᠨ ᠪᠠᠶᠠᠷ ᠴᠡᠩᠭᠡᠯ ᠲᠠᠢ ᠦᠡᠭᠭᠡᠷᠡᠭᠦᠯᠣᠨᠠ᠃ | ︽ᠪᠢ ᠨᠡᠶᠢᠭᠡᠮ ᠲᠣᠭᠤᠷᠢᠭ ᠤᠨ ᠡᠷᠭᠢᠯᠡᠭᠰᠡᠨ ᠠᠵᠢᠯᠯᠠᠭ᠎ᠠ ᠳᠤ ᠦᠷᠭᠦᠯᠵᠢ ᠣᠷᠣᠯᠴᠠᠳᠠᠭ᠂ ᠪᠠᠰᠠ ᠨᠠᠰᠤᠲᠠᠶᠢᠴᠤᠳ ᠤᠨ ᠶᠡᠭᠡ ᠰᠤᠷᠭᠠᠭᠤᠯᠢ ᠶᠢᠨ ᠡᠷᠭᠢᠯᠡᠭᠰᠡᠨ | ᠲᠠᠭᠤᠤ ᠭᠦᠭᠵᠢᠮ ᠤᠨ ᠠᠩᠭᠢ᠂ ᠤᠷᠠᠨ ᠪᠢᠴᠢᠯᠭᠡ ᠶᠢᠨ ᠠᠩᠭᠢ ᠵᠡᠷᠭᠡ ᠳᠤ ᠤᠷᠤᠯᠴᠠᠳᠠᠭ᠃ ᠵᠠᠰᠠᠭ ᠤᠨ ᠣᠷᠳᠣᠨ ᠠᠴᠠ ᠪᠢᠳᠡᠨ ᠳᠤ ᠡᠶᠢᠮᠦ ᠰᠠᠶᠢᠨ ᠲᠠᠪᠴᠠᠩ | ᠬᠠᠩᠭᠠᠭᠰᠠᠨ ᠪᠣᠯᠬᠤᠷ ᠥᠲᠡᠯᠣᠭᠡ ᠨᠠᠰᠤᠨ ᠤ ᠠᠮᠢᠳᠤᠷᠠᠯ ᠲᠦᠢᠯ ᠤᠨ ᠵᠣᠯ ᠵᠢᠷᠭᠠᠯ ᠲᠠᠢ᠂ ᠪᠠᠶᠠᠷ ᠬᠥᠷ ᠲᠠᠢ ᠰᠠᠨᠠᠭᠳᠠᠵᠤ ᠪᠠᠶᠢᠨ᠎ᠠ︾ ᠭᠡᠵᠦ ᠰᠢᠨ ᠪᠠᠢ ᠷᠦᠩ | ᠨᠠᠰᠤᠲᠠᠨ ᠪᠠᠶᠠᠷᠯᠠᠨ᠎ᠠ᠃ | ᠣᠶᠢᠷ᠎ᠠ ᠶᠢᠨ ᠵᠢᠯ ᠠᠴᠠ ᠨᠠᠭᠠᠰᠢ᠂ ᠵᠡᠭᠦᠨᠭᠠᠷ ᠬᠤᠰᠢᠭᠤ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠨᠠᠷᠢᠨ ᠬᠢᠨᠠᠮᠠᠭᠠᠶ | ᠦᠢᠯᠡᠳᠦᠯᠭᠡᠵᠢᠭᠦᠯᠵᠦ᠂ ᠨᠠᠰᠤᠳᠠᠶᠢᠴᠤᠳ ᠭᠡᠤᠭᠡᠳ ᠢ ᠬᠠᠯᠠᠮᠵᠢᠯᠠᠨ ᠬᠠᠶᠢᠷᠠᠯᠠᠬᠤ ᠶᠢ ᠭᠤᠤᠯᠳᠠᠯᠠᠭ᠎ᠠ ᠲᠠᠢ ᠨᠠᠰᠤᠲᠠᠶᠢᠴᠤᠳ ᠤᠨ ᠶᠡᠭᠡ ᠰᠤᠷᠭᠠᠭᠤᠯᠢ ᠶᠢ ᠡᠷᠭᠢᠯᠡᠭᠦ᠂ | ᠨᠠᠰᠤᠲᠠᠶᠢᠴᠤᠳ ᠤᠨ ᠬᠤᠭᠤᠯᠠᠨ ᠲᠢᠩᠬᠢᠮ ᠳᠣᠭᠢᠷᠠᠭᠤᠯᠬᠤ᠂ ᠡᠭᠦᠳᠡᠨ ᠪᠥᠮᠪᠥᠭᠡᠨ ᠲᠠᠯᠠᠪᠠᠢ᠂ ᠰᠢᠲᠠᠷ᠎ᠠ ᠶᠢᠨ ᠲᠠᠰᠤᠭ᠂ ᠫᠢᠩᠫᠠᠩ ᠪᠥᠮᠪᠦᠭᠡ ᠶᠢᠨ ᠲᠠᠰᠤᠭ᠂ | ᠨᠣᠮ ᠤᠨ ᠰᠠᠩ ᠵᠡᠷᠭᠡ ᠣᠯᠠᠨ ᠡᠰᠢᠵᠢᠭᠰᠡᠨ ᠨᠠᠰᠤᠲᠠᠶᠢᠴᠤᠳ ᠤᠨ ᠠᠵᠢᠯᠯᠠᠭᠠᠨ ᠤ ᠲᠠᠯᠠᠪᠤᠷ ᠢ ᠪᠠᠶᠢᠭᠤᠯᠵᠤ᠂ ᠨᠠᠰᠤᠲᠠᠶᠢᠴᠤᠳ᠂ ᠵᠠᠯᠠᠭᠤᠴᠤᠳ ᠪᠠᠭᠠᠴᠤᠳ ᠢ | ᠢᠳᠡᠪᠬᠢᠲᠡᠶ ᠵᠣᠬᠢᠶᠠᠨ ᠪᠠᠶᠢᠭᠤᠯᠤᠨ ᠡᠯᠪᠡᠭ ᠪᠠᠶᠠᠯᠢᠭ ᠦᠢᠯᠡᠳᠤᠯᠬᠡ ᠶᠢᠨ ᠠᠵᠢᠯᠯᠠᠭ᠎ᠠ ᠥᠷᠨᠢᠭᠦᠯᠵᠦ᠂ ᠨᠠᠰᠤᠳᠠᠶᠢᠴᠤᠳ ᠭᠡᠤᠭᠡᠳ ᠪᠠᠭᠠᠴᠤᠳ ᠤᠨ ᠵᠢᠷᠭᠠᠯᠳᠤ | ᠠᠮᠢᠳᠤᠷᠠᠯ ᠢ ᠴᠤᠬᠴᠠᠯᠠᠵᠤ᠂ ︽ᠠᠷᠠᠳ ᠤᠨ ᠠᠮᠢᠳᠤᠷᠠᠯ ᠤᠨ ᠬᠠᠶᠢᠷ᠎ᠠ ᠬᠠᠯᠠᠮᠵᠢ︾ ᠶᠢᠨ ᠭᠢᠷᠢ ᠲᠦᠪᠰᠢᠨ ᠢ ᠲᠡᠭᠡᠭᠰᠢᠯᠡᠭᠦᠯᠤᠭ᠍ᠰᠡᠨ ᠪᠠᠶᠢᠨ᠎ᠠ᠃ ︵ᠸᠠᠩ ᠯᠢ ᠮᠠᠨ︶ |