ᠮᠧᠩ ᠰᠢ ᠰᠠᠭᠤᠷᠢᠨ ᠭᠠᠵᠠᠷ ᠤᠨ ᠬᠥᠪᠴᠢ ᠶᠢᠨ 200 ᠲᠦᠮᠡᠨ ᠺᠢᠯᠣᠸᠠᠲ ᠤᠨ ᠬᠡᠷᠡᠯ ᠴᠡᠨᠡᠭ ᠢᠶᠠᠷ ᠡᠯᠡᠰᠦ ᠶᠢ ᠵᠠᠰᠠᠬᠤ ᠲᠥᠷᠥᠯ ᠵᠦᠢᠯ ᠨᠢ ᠬᠡᠷᠡᠯ ᠴᠡᠨᠡᠭ ᠤᠨ ᠲᠣᠨᠤᠭ ᠲᠥᠬᠦᠭᠡᠷᠦᠮᠵᠢ ᠶᠢ ᠤᠭᠰᠠᠷᠠᠬᠤ ᠠᠵᠢᠯ ᠢ ᠤᠷᠤᠭᠰᠢᠲᠠᠶ ᠪᠡᠶᠡᠯᠡᠭᠦᠯᠪᠡ
ᠨᠡᠶᠢᠲᠡᠯᠡᠭᠰᠡᠨ ᠴᠠᠭ᠄
2023/10/25
    ᠬᠠᠮᠤᠭ ᠰᠡᠭᠦᠯᠴᠢ ᠶᠢᠨ ᠨᠢᠭᠡ ᠬᠡᠰᠡᠭ ᠬᠡᠷᠡᠯ ᠴᠡᠨᠡᠭ ᠤᠨ ᠲᠣᠨᠤᠭ ᠲᠥᠬᠦᠭᠡᠷᠦᠮᠵᠢ ᠶᠢ ᠤᠭᠰᠠᠷᠠᠬᠤ ᠶᠢ ᠳᠠᠭᠠᠯᠳᠤᠨ᠂ ᠮᠧᠩ ᠰᠢ ᠰᠠᠭᠤᠷᠢᠨ ᠭᠠᠵᠠᠷ ᠤᠨ ᠬᠥᠪᠴᠢ ᠶᠢᠨ 200 ᠲᠦᠮᠡᠨ ᠺᠢᠯᠣᠸᠠᠲ ᠤᠨ ᠬᠡᠷᠡᠯ ᠴᠡᠨᠡᠭ ᠢᠶᠠᠷ ᠡᠯᠡᠰᠦ ᠶᠢ ᠵᠠᠰᠠᠬᠤ ᠲᠥᠷᠥᠯ ᠵᠦᠢᠯ ᠨᠢ ᠬᠡᠷᠡᠯ ᠴᠡᠨᠡᠭ ᠤᠨ ᠲᠣᠨᠤᠭ ᠲᠥᠬᠦᠭᠡᠷᠦᠮᠵᠢ ᠶᠢ ᠤᠭᠰᠠᠷᠠᠬᠤ ᠠᠵᠢᠯ ᠢ ᠤᠷᠤᠭᠰᠢᠲᠠᠶ ᠪᠡᠶᠡᠯᠡᠭᠦᠯᠪᠡ᠃    ᠣᠶᠢᠯᠠᠭᠠᠭᠰᠠᠨ ᠢᠶᠠᠷ᠂ ᠲᠣᠰ ᠲᠥᠷᠥᠯ ᠵᠦᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠤᠯᠤᠰ ᠤᠨ ᠠᠩᠬᠠᠳᠠᠭᠴᠢ ᠪᠦᠯᠦᠭ ᠡᠬᠢᠯᠡᠨ ᠪᠥᠲᠥᠭᠡᠨ ᠪᠠᠶᠢᠭᠤᠯᠤᠭᠰᠠᠨ ᠲᠣᠮᠣ ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠰᠠᠭᠤᠷᠢᠨ ᠭᠠᠵᠠᠷ ᠤᠨ ᠲᠥᠷᠥᠯ ᠵᠦᠢᠯ ᠤᠨ ᠨᠢᠭᠡ ᠪᠣᠯᠤᠨ᠎ᠠ᠂ ᠮᠥᠨ ᠴᠦ ᠲᠣᠰ ᠬᠤᠭᠤᠴᠠᠭᠠᠨ ᠤ ᠪᠥᠬᠦ ᠤᠯᠤᠰ ᠤᠨ ᠲᠠᠩ ᠴᠣᠭᠴᠠᠲᠤ ᠬᠡᠪᠴᠢᠶ᠎ᠡ ᠪᠠᠷ ᠬᠠᠮᠤᠭ ᠤᠨ ᠶᠡᠭᠡ ᠬᠡᠷᠡᠯ ᠴᠡᠨᠡᠭ ᠢᠶᠠᠷ ᠡᠯᠡᠰᠦ ᠶᠢ ᠵᠠᠰᠠᠬᠤ ᠲᠥᠷᠥᠯ ᠵᠦᠢᠯ ᠪᠣᠯᠤᠨ᠎ᠠ᠃ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠵᠢᠯ ᠪᠦᠷᠢ ᠶᠢᠨ ᠳᠤᠮᠳᠠᠴᠢ ᠴᠠᠬᠢᠯᠭᠠᠨ ᠭᠠᠷᠭᠠᠬᠤ ᠬᠡᠮᠵᠢᠶ᠎ᠡ ᠪᠠᠷᠤᠭ 41 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠪᠠᠷᠤᠭ 125 ᠲᠦᠮᠡᠨ ᠲᠣᠨ ᠪᠠᠷᠢᠮᠵᠢᠶᠠᠲᠤ ᠨᠡᠭᠦᠷᠡᠰᠦ ᠶᠢ ᠠᠷᠪᠢᠯᠠᠭᠰᠠᠨ ᠲᠠᠢ ᠲᠡᠩᠴᠡᠵᠦ᠂ 394 ᠲᠦᠮᠡᠨ ᠲᠣᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ ᠪᠠᠭᠠᠰᠬᠠᠪᠠ᠃
W020231024331209853899.jpg
ᠢᠷᠡᠯᠲᠡ᠄ ᠤᠷᠳᠤᠰ ᠬᠤᠲᠠ ᠶᠢᠨ ᠠᠷᠠᠳ ᠤᠨ ᠵᠠᠰᠠᠭ ᠤᠨ ᠤᠷᠲᠤᠨ