ᠵᠡᠭᠦᠨᠭᠠᠷ ᠬᠤᠰᠢᠭᠤ ᠨᠠᠰᠤᠳᠠᠶᠢᠴᠤᠳ ᠭᠡᠤᠭᠡᠳ ᠤᠨ ᠦᠢᠯᠡᠴᠢᠯᠡᠭᠡ ᠶᠢ ᠰᠠᠶᠢᠵᠢᠷᠠᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2023/10/25
    ᠰᠢᠤᠸᠠᠢ ᠵᠢᠶᠠ ᠸᠠᠨ ᠤ ᠮᠡᠳᠡᠭᠡ ᠤᠢᠢᠷ᠎ᠠ ᠶᠢᠨ ᠵᠢᠯ ᠠᠴᠠ ᠨᠠᠭᠠᠰᠢ᠂ ᠵᠡᠭᠦᠨᠭᠠᠷ ᠬᠤᠰᠢᠭᠤ ᠤᠯᠡᠨ ᠲᠦᠮᠡᠨ ᠳᠤ ᠤᠯᠠᠨ ᠶᠠᠩᠵᠤᠴᠢᠯᠠᠬᠰᠠᠨ ᠨᠠᠰᠤᠳᠠᠨ ᠤ ᠠᠰᠠᠷᠠᠮᠵᠢ ᠪᠣᠯᠤᠨ ᠨᠠᠶᠢᠳᠠᠨ ᠬᠥᠮᠦᠵᠢᠭᠦᠯᠬᠦ ᠬᠡᠷᠡᠭᠴᠡᠭᠡ ᠶᠢ ᠲᠠᠰᠤᠷᠠᠯᠳᠡ ᠦᠭᠡᠢ ᠬᠠᠩᠭᠠᠵᠤ᠂ ᠨᠠᠰᠤᠳᠠᠶᠢᠴᠤᠳ ᠭᠡᠤᠭᠡᠳ ᠲᠤ ᠥᠨᠳᠥᠷ ᠴᠢᠨᠠᠷᠵᠢᠯ ᠲᠠᠢ ᠰᠠᠶᠢᠨ ᠰᠠᠶᠢᠬᠠᠨ ᠵᠣᠯ ᠵᠢᠷᠭᠠᠯᠲᠤ ᠠᠮᠢᠳᠤᠷᠠᠯ ᠢ ᠴᠣᠭᠴᠠᠯᠠᠨ ᠦᠭᠴᠦ ᠪᠠᠶᠢᠨ᠎ᠠ᠃    ᠵᠤᠨ ᠤ ᠠᠮᠠᠷᠠᠯᠲᠠ ᠶᠢᠨ ᠬᠤᠭᠤᠴᠠᠭᠠᠨ ᠳᠤ᠂ ᠱᠠᠭᠳᠠᠷ ᠪᠠᠯᠭᠠᠰᠤ ᠶᠢᠨ ᠶᠢᠩ ᠪᠢᠨ ᠨᠡᠶᠢᠭᠡᠮ ᠲᠣᠭᠤᠷᠢᠭ ᠤᠨ ᠬᠤᠷᠠᠯ ᠤᠨ ᠭᠡᠷ ᠢ ᠬᠡᠦᠬᠡᠳ ᠤᠨ ᠳᠤᠷ᠎ᠠ ᠰᠣᠨᠢᠷᠬᠠᠯ ᠤᠨ ᠬᠢᠴᠢᠶᠡᠯ ᠤᠨ ᠲᠠᠩᠭᠢᠮ ᠪᠣᠯᠭᠠᠨ ᠬᠤᠪᠢᠷᠠᠭᠤᠯᠵᠤ᠂ ᠰᠢᠲᠠᠷ᠎ᠠ᠂ ᠤᠷᠠᠨ ᠪᠢᠴᠢᠯᠭᠡ ᠵᠡᠷᠭᠡ ᠳᠤᠷ᠎ᠠ ᠰᠣᠨᠢᠷᠬᠠᠯ ᠤᠨ ᠬᠢᠴᠢᠶᠡᠯ ᠢ ᠡᠭᠡᠯᠵᠢᠯᠡᠨ ᠡᠷᠭᠢᠯᠡᠪᠡ᠃ ᠠᠮᠠᠷᠠᠯᠲᠠ ᠶᠢᠨ ᠬᠤᠭᠤᠴᠠᠭᠠᠨ ᠳᠤ ᠤᠯᠠᠨ ᠬᠡᠷ ᠪᠦᠯᠢ ᠶᠢᠨ ᠬᠡᠤᠬᠡᠳ ᠢ ᠬᠠᠷᠠᠵᠤ ᠬᠠᠮᠢᠶᠠᠷᠬᠤ ᠬᠥᠮᠦᠨ ᠥᠬᠡᠶ ᠪᠠᠶᠢᠬᠤ ᠬᠦᠴᠢᠷ ᠠᠰᠠᠭᠤᠳᠠᠯ ᠢ ᠰᠢᠢᠳᠪᠦᠷᠢᠯᠡᠬᠦ ᠶᠢᠨ ᠲᠥᠯᠣᠭᠡ᠂ ᠶᠢᠩ ᠪᠢᠨ ᠨᠡᠶᠢᠭᠡᠮ ᠲᠣᠭᠤᠷᠢᠭ ᠡᠪᠦᠯ ᠵᠣᠨ ᠤ ᠠᠮᠠᠷᠠᠯᠲᠠ ᠳᠤ ᠨᠡᠶᠢᠲᠡ ᠶᠢᠨ ᠠᠰᠠᠷᠠᠮᠵᠢ ᠶᠢᠨ ᠬᠢᠴᠢᠶᠡᠯ ᠤᠨ ᠲᠠᠩᠭᠢᠮ ᠢ ᠨᠡᠭᠡᠭᠡᠵᠦ᠂ ᠣᠶᠤᠲᠠᠨ ᠰᠠᠶᠢᠨ ᠲᠤᠷᠠᠴᠤᠤᠯ ᠢ ᠤᠷᠢᠵᠤ᠂ ᠭᠡᠤᠭᠡᠳ ᠪᠠᠭᠠᠴᠤᠳ ᠲᠠᠢ ᠬᠠᠮᠳᠤ ᠠᠮᠠᠷᠠᠯᠲᠠ ᠶᠢᠨ ᠬᠤᠭᠤᠴᠠᠭ᠎ᠠ ᠪᠠᠨ ᠤᠳᠬ᠎ᠠ ᠠᠭᠤᠯᠭ᠎ᠠ ᠲᠠᠢ ᠥᠩᠭᠡᠷᠡᠭᠦᠯᠳᠡᠭ ᠪᠠᠶᠢᠨ᠎ᠠ᠃    ︽ᠡ᠊ᠨᠳᠡ ᠮᠠᠰᠢ ᠤᠯᠠᠨ ᠪᠢᠴᠢᠬᠠᠨ ᠨᠠᠶᠢᠵᠠ ᠨᠠᠷ ᠪᠠᠶᠢᠨ᠎ᠠ᠂ ᠪᠢᠳᠡ ᠬᠠᠮᠲᠤ ᠪᠠᠷ ᠨᠠᠭᠠᠳᠴᠤ ᠬᠠᠮᠲᠤ ᠪᠠᠷ ᠮᠡᠳᠡᠯᠭᠡ ᠰᠤᠷᠤᠯᠴᠠᠨ᠎ᠠ᠂ ᠣᠶᠤᠲᠠᠨ ᠠᠬ᠎ᠠ ᠡᠭᠡᠴᠢ ᠨᠠᠷ ᠪᠠᠰᠠ ᠪᠢᠳᠡᠨ ᠢ ᠵᠣᠬᠢᠶᠠᠨ ᠪᠠᠶᠢᠭᠤᠯᠵᠤ ᠡᠯ᠎ᠡ ᠵᠦᠢᠯ ᠤᠨ ᠳᠤᠷ᠎ᠠ ᠰᠣᠨᠢᠷᠬᠠᠯᠳᠤ ᠠᠵᠢᠯᠯᠠᠭ᠎ᠠ ᠥᠷᠨᠢᠭᠦᠯᠤᠭ᠍ᠰᠡᠨ ᠠᠴᠠ ᠪᠢ ᠵᠤᠨ ᠤ ᠠᠮᠠᠷᠠᠯᠲᠠ ᠪᠠᠨ ᠮᠠᠰᠢ ᠤᠳᠬ᠎ᠠ ᠠᠭᠤᠯᠭ᠎ᠠ ᠲᠠᠢ ᠦᠡᠭᠭᠡᠷᠡᠭᠦᠯᠵᠠᠢ︾ ᠭᠡᠵᠦ ᠵᠢᠷᠭᠤᠳᠤᠭᠠᠷ ᠣᠨ ᠤ ᠰᠤᠷᠤᠭᠴᠢ ᠶᠠᠩ ᠪᠥᠸᠧ ᠬᠤᠤ ᠶᠠᠷᠢᠨ᠎ᠠ᠃    ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠲᠠᠪᠴᠠᠩ ᠢ ᠦᠨᠢᠷ ᠪᠠᠶᠠᠯᠢᠭ ᠠᠭᠤᠯᠭ᠎ᠠ ᠲᠠᠢ ᠦᠷᠨᠢᠭᠦᠯᠭᠦ ᠶᠢᠨ ᠲᠥᠯᠣᠭᠡ᠂ ᠶᠢᠩ ᠪᠢᠨ ᠨᠡᠶᠢᠭᠡᠮ ᠲᠣᠭᠤᠷᠢᠭ ᠤᠨ ᠬᠢᠨ 2018 ᠣᠨ ᠳᠤ ︽ᠲᠤᠯᠤᠭᠠᠨ ᠥᠩᠭᠡᠲᠦ ᠬᠡᠤᠬᠡᠳ ᠤᠨ ᠬᠡᠷ︾ ᠢ ᠪᠠᠶᠢᠭᠤᠯᠵᠤ᠂ ᠵᠠᠰᠠᠭ ᠤᠨ ᠣᠷᠳᠣᠨ ᠠᠴᠠ ᠦᠢᠯᠡᠴᠢᠯᠡᠭᠡ ᠬᠤᠳᠠᠯᠳᠤᠨ ᠠᠪᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠲᠣᠭᠲᠠᠮᠠᠯ ᠬᠤᠭᠤᠴᠠᠭ᠎ᠠ ᠲᠠᠢ ᠪᠠᠷ ᠬᠠᠷᠢᠶ᠎ᠠ ᠣᠷᠣᠨ ᠤ ᠬᠦᠴᠢᠷᠳᠡᠯᠲᠡᠶ ᠬᠡᠷ ᠪᠦᠯᠢ ᠶᠢᠨ ᠬᠡᠤᠬᠡᠳ ᠢ ᠵᠣᠬᠢᠶᠠᠨ ᠪᠠᠶᠢᠭᠤᠯᠤᠨ ᠣᠯᠠᠨ ᠬᠡᠯᠪᠡᠷᠢ ᠶᠢᠨ ᠠᠵᠢᠯᠯᠠᠭ᠎ᠠ ᠥᠷᠨᠢᠭᠦᠯᠵᠦ᠂ ᠬᠡᠷ ᠤᠨ ᠠᠬᠠᠮᠠᠳ ᠤᠨ ᠭᠦᠴᠢᠷᠳᠡᠯ ᠢ ᠰᠶᠢᠳᠪᠤᠷᠢᠯᠠᠨ᠂ ᠬᠡᠤᠬᠡᠳ ᠲᠤ ᠡᠷᠡᠭᠦᠯ ᠴᠢᠭᠢᠷᠠᠭ ᠪᠠᠶᠠᠷ ᠬᠥᠷ ᠲᠠᠢ ᠦᠰᠦᠨ ᠪᠤᠶᠢᠵᠢᠬᠤ ᠤᠷᠴᠢᠨ ᠨᠦᠭᠦᠴᠡᠯ ᠢ ᠬᠠᠨᠭ᠍ᠭᠠᠬᠰᠠᠨ ᠪᠠᠶᠢᠨ᠎ᠠ᠃    ᠱᠠᠭᠳᠠᠷ ᠪᠠᠯᠭᠠᠰᠤᠨ ᠳᠤ᠂ ᠨᠠᠰᠤᠲᠠᠶᠢᠴᠤᠳ ᠲᠤ ᠵᠣᠷᠢᠭᠤᠯᠤᠭᠰᠠᠨ ᠡᠯ᠎ᠡ ᠵᠦᠢᠯ ᠤᠨ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠴᠦ ᠭᠠᠵᠠᠷ ᠰᠠᠢ ᠦᠭᠡᠢ ᠶᠠᠪᠤᠭᠳᠠᠨ᠎ᠠ᠃ ᠨᠡᠶᠢᠭᠡᠮ ᠲᠣᠭᠤᠷᠢᠭ ᠨᠢᠬᠡ ᠪᠦᠷᠢ ᠥᠪᠡᠷᠮᠢᠴᠡ ᠣᠨᠴᠠᠯᠢᠭ ᠲᠠᠢ ᠨᠠᠰᠤᠲᠠᠶᠢᠴᠤᠳ ᠤᠨ ᠶᠡᠭᠡ ᠰᠤᠷᠭᠠᠭᠤᠯᠢ ᠶᠢᠨ ᠬᠢᠴᠢᠶᠡᠯ᠂ ᠲᠠᠭᠤᠤ ᠭᠦᠭᠵᠢᠮ ᠤᠨ ᠠᠩᠭᠢ᠂ ᠪᠥᠵᠢᠭ ᠤᠨ ᠠᠩᠭᠢ᠂ ᠬᠠᠷᠠᠩᠭ᠎ᠠ ᠬᠡᠩᠭᠡᠷᠭᠡ ᠶᠢᠨ ᠠᠩᠭᠢ᠂ ᠮᠠᠩᠬᠠᠨ ᠠᠶᠠᠯᠭᠤ ᠶᠢᠨ ᠠᠩᠭᠢ ᠵᠡᠷᠭᠡ ᠬᠢᠴᠢᠶᠡᠯ ᠢ ᠨᠡᠭᠡᠭᠡᠵᠡᠶ᠃ ᠡᠩ ᠤᠨ ᠴᠠᠭ ᠲᠤ᠂ ᠨᠠᠰᠤᠲᠠᠶᠢᠴᠤᠳ ᠨᠡᠶᠢᠭᠡᠮ ᠲᠤᠭᠤᠷᠢᠭ ᠢᠶᠠᠷ ᠲᠤᠭᠤᠷᠢᠨ᠂ ᠤᠯᠠᠨ ᠬᠡᠯᠪᠡᠷᠢ ᠶᠢᠨ ᠳᠤᠷ᠎ᠠ ᠰᠣᠨᠢᠷᠬᠠᠯ ᠤᠨ ᠬᠢᠴᠢᠶᠡᠯ ᠳᠤ ᠣᠷᠣᠯᠴᠠᠳᠠᠭ᠃ ᠡᠭᠦᠨ ᠠᠴᠠ ᠭᠠᠳᠠᠨ᠎ᠠ᠂ ᠨᠡᠶᠢᠭᠡᠮ ᠲᠣᠭᠤᠷᠢᠭ ᠤᠨ ᠬᠢᠨ ᠪᠠᠰᠠ ᠲᠣᠭᠲᠠᠮᠠᠯ ᠬᠤᠭᠤᠴᠠᠭ᠎ᠠ ᠲᠠᠢ ᠪᠠᠷ ᠨᠠᠰᠤᠲᠠᠶᠢᠴᠤᠳ ᠢ ᠵᠣᠬᠢᠶᠠᠨ ᠪᠠᠶᠢᠭᠤᠯᠤᠨ ᠠᠭᠤᠳᠠᠮ ᠲᠠᠯᠠᠪᠠᠶ ᠶᠢᠨ ᠪᠥᠵᠢᠭ᠂ ᠰᠢᠲᠠᠷ᠎ᠠ᠂ ᠬᠥᠵᠥᠷ ᠵᠡᠷᠭᠡ ᠤᠷᠤᠯᠳᠤᠭᠠᠨ ᠳᠤ ᠤᠷᠤᠯᠴᠠᠵᠤ᠂ ᠨᠠᠰᠤᠲᠠᠶᠢᠴᠤᠳ ᠦᠳᠡᠯᠣᠭᠡ ᠨᠠᠰᠤ ᠪᠠᠨ ᠪᠠᠶᠠᠷ ᠴᠡᠩᠭᠡᠯ ᠲᠠᠢ ᠦᠡᠭᠭᠡᠷᠡᠭᠦᠯᠣᠨ᠎ᠠ᠃    ︽ᠪᠢ ᠨᠡᠶᠢᠭᠡᠮ ᠲᠣᠭᠤᠷᠢᠭ ᠤᠨ ᠡᠷᠭᠢᠯᠡᠭᠰᠡᠨ ᠠᠵᠢᠯᠯᠠᠭ᠎ᠠ ᠳᠤ ᠦᠷᠭᠦᠯᠵᠢ ᠣᠷᠣᠯᠴᠠᠳᠠᠭ᠂ ᠪᠠᠰᠠ ᠨᠠᠰᠤᠲᠠᠶᠢᠴᠤᠳ ᠤᠨ ᠶᠡᠭᠡ ᠰᠤᠷᠭᠠᠭᠤᠯᠢ ᠶᠢᠨ ᠡᠷᠭᠢᠯᠡᠭᠰᠡᠨ ᠲᠠᠭᠤᠤ ᠭᠦᠭᠵᠢᠮ ᠤᠨ ᠠᠩᠭᠢ᠂ ᠤᠷᠠᠨ ᠪᠢᠴᠢᠯᠭᠡ ᠶᠢᠨ ᠠᠩᠭᠢ ᠵᠡᠷᠭᠡ ᠳᠤ ᠤᠷᠤᠯᠴᠠᠳᠠᠭ᠃ ᠵᠠᠰᠠᠭ ᠤᠨ ᠣᠷᠳᠣᠨ ᠠᠴᠠ ᠪᠢᠳᠡᠨ ᠳᠤ ᠡᠶᠢᠮᠦ ᠰᠠᠶᠢᠨ ᠲᠠᠪᠴᠠᠩ ᠬᠠᠩᠭᠠᠭᠰᠠᠨ ᠪᠣᠯᠬᠤᠷ ᠥᠲᠡᠯᠣᠭᠡ ᠨᠠᠰᠤᠨ ᠤ ᠠᠮᠢᠳᠤᠷᠠᠯ ᠲᠦᠢᠯ ᠤᠨ ᠵᠣᠯ ᠵᠢᠷᠭᠠᠯ ᠲᠠᠢ᠂ ᠪᠠᠶᠠᠷ ᠬᠥᠷ ᠲᠠᠢ ᠰᠠᠨᠠᠭᠳᠠᠵᠤ ᠪᠠᠶᠢᠨ᠎ᠠ︾ ᠭᠡᠵᠦ ᠰᠢᠨ ᠪᠠᠢ ᠷᠦᠩ ᠨᠠᠰᠤᠲᠠᠨ ᠪᠠᠶᠠᠷᠯᠠᠨ᠎ᠠ᠃     ᠣᠶᠢᠷ᠎ᠠ ᠶᠢᠨ ᠵᠢᠯ ᠠᠴᠠ ᠨᠠᠭᠠᠰᠢ᠂ ᠵᠡᠭᠦᠨᠭᠠᠷ ᠬᠤᠰᠢᠭᠤ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠨᠠᠷᠢᠨ ᠬᠢᠨᠠᠮᠠᠭᠠᠶ ᠦᠢᠯᠡᠳᠦᠯᠭᠡᠵᠢᠭᠦᠯᠵᠦ᠂ ᠨᠠᠰᠤᠳᠠᠶᠢᠴᠤᠳ ᠭᠡᠤᠭᠡᠳ ᠢ ᠬᠠᠯᠠᠮᠵᠢᠯᠠᠨ ᠬᠠᠶᠢᠷᠠᠯᠠᠬᠤ ᠶᠢ ᠭᠤᠤᠯᠳᠠᠯᠠᠭ᠎ᠠ ᠲᠠᠢ ᠨᠠᠰᠤᠲᠠᠶᠢᠴᠤᠳ ᠤᠨ ᠶᠡᠭᠡ ᠰᠤᠷᠭᠠᠭᠤᠯᠢ ᠶᠢ ᠡᠷᠭᠢᠯᠡᠭᠦ᠂ ᠨᠠᠰᠤᠲᠠᠶᠢᠴᠤᠳ ᠤᠨ ᠬᠤᠭᠤᠯᠠᠨ ᠲᠢᠩᠬᠢᠮ ᠳᠣᠭᠢᠷᠠᠭᠤᠯᠬᠤ᠂ ᠡᠭᠦᠳᠡᠨ ᠪᠥᠮᠪᠥᠭᠡᠨ ᠲᠠᠯᠠᠪᠠᠢ᠂ ᠰᠢᠲᠠᠷ᠎ᠠ ᠶᠢᠨ ᠲᠠᠰᠤᠭ᠂ ᠫᠢᠩᠫᠠᠩ ᠪᠥᠮᠪᠦᠭᠡ ᠶᠢᠨ ᠲᠠᠰᠤᠭ᠂ ᠨᠣᠮ ᠤᠨ ᠰᠠᠩ ᠵᠡᠷᠭᠡ ᠣᠯᠠᠨ ᠡᠰᠢᠵᠢᠭᠰᠡᠨ ᠨᠠᠰᠤᠲᠠᠶᠢᠴᠤᠳ ᠤᠨ ᠠᠵᠢᠯᠯᠠᠭᠠᠨ ᠤ ᠲᠠᠯᠠᠪᠤᠷ ᠢ ᠪᠠᠶᠢᠭᠤᠯᠵᠤ᠂ ᠨᠠᠰᠤᠲᠠᠶᠢᠴᠤᠳ᠂ ᠵᠠᠯᠠᠭᠤᠴᠤᠳ ᠪᠠᠭᠠᠴᠤᠳ ᠢ ᠢᠳᠡᠪᠬᠢᠲᠡᠶ ᠵᠣᠬᠢᠶᠠᠨ ᠪᠠᠶᠢᠭᠤᠯᠤᠨ ᠡᠯᠪᠡᠭ ᠪᠠᠶᠠᠯᠢᠭ ᠦᠢᠯᠡᠳᠤᠯᠬᠡ ᠶᠢᠨ ᠠᠵᠢᠯᠯᠠᠭ᠎ᠠ ᠥᠷᠨᠢᠭᠦᠯᠵᠦ᠂ ᠨᠠᠰᠤᠳᠠᠶᠢᠴᠤᠳ ᠭᠡᠤᠭᠡᠳ ᠪᠠᠭᠠᠴᠤᠳ ᠤᠨ ᠵᠢᠷᠭᠠᠯᠳᠤ ᠠᠮᠢᠳᠤᠷᠠᠯ ᠢ ᠴᠤᠬᠴᠠᠯᠠᠵᠤ᠂ ︽ᠠᠷᠠᠳ ᠤᠨ ᠠᠮᠢᠳᠤᠷᠠᠯ ᠤᠨ ᠬᠠᠶᠢᠷ᠎ᠠ ᠬᠠᠯᠠᠮᠵᠢ︾ ᠶᠢᠨ ᠭᠢᠷᠢ ᠲᠦᠪᠰᠢᠨ ᠢ ᠲᠡᠭᠡᠭᠰᠢᠯᠡᠭᠦᠯᠤᠭ᠍ᠰᠡᠨ ᠪᠠᠶᠢᠨ᠎ᠠ᠃ ︵ᠸᠠᠩ ᠯᠢ ᠮᠠᠨ︶
ᠢᠷᠡᠯᠲᠡ᠄ ᠤᠷᠳᠤᠰ ᠤᠨ ᠡᠳᠤᠷ ᠤᠨ ᠰᠤᠨᠢᠨ