ᠠᠷᠪᠠᠰ ᠤᠨ ᠨᠤᠤᠯᠤᠭᠤᠷ ᠤᠨ ᠴᠠᠭᠠᠨ ᠢᠮᠠᠭ᠎ᠠ ᠬᠠᠮᠠᠭᠠᠯᠠᠯᠳᠠ ᠶᠢᠨ ᠬᠠᠤᠯᠢ ᠲᠠᠢ ᠪᠤᠯᠪᠠ
ᠨᠡᠶᠢᠲᠡᠯᠡᠭᠰᠡᠨ ᠴᠠᠭ᠄
2023/10/25
    ︽ᠣᠷᠳᠣᠰ ᠬᠤᠲᠠ ᠶᠢᠨ ᠠᠷᠪᠠᠰ ᠤᠨ ᠨᠤᠤᠯᠤᠭᠤᠷ ᠤᠨ ᠴᠠᠭᠠᠨ ᠢᠮᠠᠭ᠎ᠠ ᠶᠢ ᠬᠠᠮᠠᠭᠠᠯᠠᠬᠤ ᠳᠦᠷᠢᠮ ︵ᠲᠥᠰᠥᠯ︶︾ ᠢ ᠤᠶᠢᠷ᠎ᠠ ᠳᠤ ᠣᠷᠳᠣᠰ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠨ ᠤ ᠬᠢᠨᠠᠯᠲᠠ ᠪᠠᠷ ᠪᠠᠲᠤᠯᠠᠵᠤ᠂ ᠲᠥᠰᠥᠯ ᠤᠨ ᠠᠭᠤᠯᠭ᠎ᠠ ᠶᠢ ᠢᠯᠡ ᠪᠠᠷ ᠨᠡᠶᠢᠲᠡᠯᠡᠵᠦ᠂ ᠣᠯᠠᠨ ᠲᠦᠮᠡᠨ ᠪᠠ ᠨᠡᠶᠢᠭᠡᠮ ᠤᠨ ᠡᠯ᠎ᠡ ᠡᠲᠡᠭᠡᠳ ᠤᠨ ᠬᠢᠨ ᠤ ᠰᠠᠨᠠᠯ ᠰᠠᠨᠠᠭᠤᠯᠭ᠎ᠠ ᠶᠢ ᠬᠤᠷᠢᠶᠠᠵᠤ ᠵᠠᠰᠠᠪᠤᠷᠢ ᠤᠷᠤᠭᠤᠯᠤᠭᠰᠠᠨ ᠤ ᠳᠠᠷᠠᠭ᠎ᠠ ᠵᠢᠩᠬᠢᠨᠢ ᠪᠠᠷ ᠨᠡᠶᠢᠲᠡᠯᠡᠨ ᠬᠡᠷᠡᠭᠵᠢᠭᠦᠯᠬᠦ ᠪᠣᠯᠣᠨ᠎ᠠ᠃ ᠳᠤᠰ ᠳᠦᠷᠢᠮ ᠨᠢ ᠠᠷᠪᠠᠰ ᠤᠨ ᠨᠤᠤᠯᠤᠭᠤᠷ ᠤᠨ ᠴᠠᠭᠠᠨ ᠢᠮᠠᠭ᠎ᠠ ᠶᠢ ᠰᠢᠰᠲ᠋ᠧᠮᠵᠢᠭᠦᠯᠦᠨ ᠬᠠᠮᠠᠭᠠᠯᠠᠬᠤ ᠪᠠ ᠠᠷᠪᠠᠰ ᠤᠨ ᠨᠤᠤᠯᠤᠭᠤᠷ ᠤᠨ ᠴᠠᠭᠠᠨ ᠢᠮᠠᠭ᠎ᠠ ᠶᠢᠨ ᠠᠵᠤ ᠦᠢᠯᠡᠰ ᠢ ᠨᠡᠭᠡᠭᠡᠨ ᠬᠦᠭᠵᠢᠬᠦᠯᠬᠦ ᠳᠤ ᠰᠢᠨᠵᠢᠯᠡᠬᠦ ᠤᠬᠠᠭᠠᠨᠴᠢ ᠬᠠᠤᠯᠢ ᠶᠢᠨ ᠬᠠᠮᠠᠭᠠᠯᠠᠯᠳᠠ ᠲᠠᠢ ᠪᠤᠯᠤᠭᠰᠠᠨ ᠢ ᠬᠠᠷᠠᠭᠤᠯᠵᠤ ᠪᠠᠶᠢᠨ᠎ᠠ᠃     ᠣᠶᠢᠯᠠᠭᠠᠭᠰᠠᠨ ᠢᠶᠠᠷ᠂ ᠳᠤᠰ ᠳᠦᠷᠢᠮ ᠨᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠮᠠᠯ ᠠᠵᠤ ᠠᠬᠤᠢ ᠶᠢᠨ ᠬᠠᠤᠯᠢ︾ ᠪᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠢᠲᠠᠨ ᠤ ᠬᠢᠵᠢᠭ ᠢ ᠰᠡᠷᠭᠡᠶᠢᠯᠡᠬᠦ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ ᠲᠣᠭᠲᠠᠭᠠᠭᠰᠠᠨ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠪᠠᠶᠢᠵᠤ᠂ ᠨᠡᠶᠢᠳᠡᠯᠡᠨ ᠬᠡᠷᠡᠭᠵᠢᠬᠦᠯᠦᠭᠰᠡᠨ ᠤ ᠳᠠᠷᠠᠭ᠎ᠠ᠂ ᠣᠷᠳᠣᠰ ᠬᠤᠲᠠ ᠶᠢᠨ ᠬᠡᠪᠴᠢᠶᠠᠨ ᠳᠤ ᠠᠷᠪᠠᠰ ᠤᠨ ᠨᠤᠤᠯᠤᠭᠤᠷ ᠤᠨ ᠴᠠᠭᠠᠨ ᠢᠮᠠᠭᠠᠨ ᠤ ᠤᠳᠤᠮᠯᠠᠯ ᠤᠨ ᠡᠬᠢ ᠪᠠᠶᠠᠯᠢᠭ ᠢ ᠬᠠᠮᠠᠭᠠᠯᠠᠬᠤ᠂ ᠦᠷᠡᠵᠢᠭᠦᠯᠦᠨ ᠪᠤᠶᠢᠵᠢᠭᠤᠯᠬᠤ᠂ ᠠᠷᠠᠴᠢᠯᠠᠨ ᠲᠡᠵᠢᠭᠡᠬᠦ᠂ ᠡᠵᠡᠩᠨᠡᠬᠦ᠂ ᠳᠡᠭᠡᠭᠡᠪᠦᠷᠢᠯᠡᠬᠦ᠂ ᠨᠢᠲᠤᠯᠬᠤ ᠵᠡᠷᠭᠡ ᠬᠠᠮᠢᠶ᠎ᠠ ᠪᠦᠬᠦᠢ ᠠᠵᠢᠯᠯᠠᠭ᠎ᠠ ᠶᠢ ᠴᠥᠮ ᠲᠣᠰ ᠳᠦᠷᠢᠮ ᠶᠣᠰᠣᠭᠠᠷ ᠶᠠᠪᠤᠭᠳᠠᠭᠤᠯᠬᠤ ᠪᠤᠯᠤᠨ᠎ᠠ᠃ ᠳᠤᠰ ᠳᠦᠷᠢᠮ ᠳᠤ ᠭᠤᠣᠯᠳᠠᠭᠤ ᠠᠷᠪᠠᠰ ᠤᠨ ᠨᠤᠤᠯᠤᠭᠤᠷ ᠤᠨ ᠴᠠᠭᠠᠨ ᠢᠮᠠᠭᠠᠨ ᠤ ᠤᠳᠤᠮᠯᠠᠯ ᠤᠨ ᠡᠬᠢ ᠪᠠᠶᠠᠯᠢᠭ ᠤᠨ ᠬᠠᠮᠠᠭᠠᠯᠠᠯᠲᠠ ᠪᠤᠯᠤᠨ ᠠᠮᠢᠳᠤ ᠪᠡᠶ᠎ᠡ᠂ ᠨᠡᠬᠡᠳᠡᠰᠦ᠂ ᠬᠦᠪᠦᠷᠡᠯ᠂ ᠦᠷ᠎ᠡ ᠶᠢᠨ ᠰᠢᠩᠭᠡᠨ᠂ ᠥᠨᠳᠡᠭᠡᠨ ᠡᠰ᠂ ᠪᠡᠶ᠎ᠡ ᠶᠢᠨ ᠡᠰ᠂ ᠭᠧᠨ ᠤ ᠪᠣᠳᠠᠰ ᠵᠡᠷᠭᠡ ᠤᠳᠤᠮᠯᠠᠯ ᠤᠨ ᠮᠠᠲ᠋ᠧᠷᠢᠶᠠᠯ ᠤᠨ ᠳᠤᠬᠠᠢ ᠨᠠᠷᠢᠯᠢᠭ ᠳᠤᠭᠳᠠᠭᠠᠵᠠᠢ᠃ ᠡᠬᠦᠨ ᠠᠴᠠ ᠭᠠᠳᠠᠨ᠎ᠠ ᠤᠷᠳᠤᠰ ᠬᠤᠳᠠ ᠶᠢᠨ ᠵᠠᠰᠠᠭ ᠤᠨ ᠣᠷᠳᠣᠨ ᠠᠴᠠ ᠠᠷᠪᠠᠰ ᠤᠨ ᠨᠤᠤᠯᠤᠭᠤᠷ ᠤᠨ ᠴᠠᠭᠠᠨ ᠢᠮᠠᠭᠠᠨ ᠤ ᠬᠠᠮᠠᠭᠠᠯᠠᠯᠲᠠ ᠪᠠ ᠠᠵᠤ ᠦᠢᠯᠡᠰ ᠤᠨ ᠬᠥᠭᠵᠢᠯᠲᠡ ᠶᠢᠨ ᠬᠡᠷᠡᠭᠴᠡᠭᠡ ᠶᠢ ᠦᠨᠳᠦᠰᠦᠯᠡᠨ ᠠᠷᠪᠠᠰ ᠤᠨ ᠨᠤᠤᠯᠤᠭᠤᠷ ᠤᠨ ᠴᠠᠭᠠᠨ ᠢᠮᠠᠭᠠᠨ ᠤ ᠤᠳᠤᠮᠯᠠᠯ ᠤᠨ ᠡᠬᠢ ᠪᠠᠶᠠᠯᠢᠭ ᠤᠨ ᠬᠠᠮᠠᠭᠠᠯᠠᠯᠲᠠ ᠶᠢᠨ ᠣᠷᠣᠨ ᠵᠢᠴᠢ ᠡᠭᠦᠯᠳᠡᠷ ᠬᠠᠮᠠᠭᠠᠯᠠᠬᠤ ᠭᠤᠣᠯ ᠣᠷᠣᠨ ᠢ ᠵᠠᠭᠠᠭᠯᠠᠨ ᠲᠣᠭᠲᠠᠭᠠᠵᠤ᠂ ᠲᠥᠷᠥ ᠶᠢᠨ ᠪᠣᠳᠣᠯᠭ᠎ᠠ᠂ ᠪᠡᠯᠡ ᠮᠥᠩᠭᠦ᠂ ᠮᠡᠷᠭᠡᠵᠢᠯ ᠵᠡᠷᠭᠡ ᠲᠠᠯ᠎ᠠ ᠪᠠᠷ ᠲᠡᠳᠬᠦᠨ ᠳᠡᠮᠵᠢᠵᠤ᠂ ᠬᠠᠮᠠᠭᠠᠯᠠᠯᠲᠠ ᠶᠢᠨ ᠣᠷᠣᠨ ᠳᠤ ᠬᠠᠷᠢᠶᠠᠯᠠᠭᠳᠠᠵᠤ ᠪᠠᠶᠢᠭ᠎ᠠ ᠬᠤᠰᠢᠭᠤ ᠲᠣᠭᠤᠷᠢᠭ ᠨᠢ ᠪᠡᠯᠡ ᠤᠷᠤᠭᠤᠯᠤᠯᠳᠠ᠂ ᠠᠮᠢ ᠠᠬᠤᠢ ᠣᠷᠴᠢᠨ ᠲᠣᠭᠤᠷᠢᠨ᠂ ᠬᠢᠵᠢᠭ ᠢ ᠰᠡᠷᠭᠡᠶᠢᠯᠡᠬᠦ ᠮᠡᠷᠭᠡᠵᠢᠯ᠂ ᠢᠵᠢ ᠪᠦᠷᠢᠳᠦᠭᠦᠯᠦᠭᠰᠡᠨ ᠠᠷᠠᠴᠢᠯᠠᠨ ᠳᠡᠵᠢᠭᠡᠬᠦ ᠲᠥᠬᠦᠭᠡᠷᠦᠮᠵᠢ᠂ ᠮᠠᠯ ᠠᠵᠤ ᠠᠬᠤᠢ ᠮᠠᠯ ᠡᠮᠨᠡᠯᠭᠡ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠬᠥᠮᠥᠵᠢᠭᠦᠯᠬᠦ ᠵᠡᠷᠭᠡ ᠲᠠᠯ᠎ᠠ ᠶᠢᠨ ᠪᠠᠷᠢᠮᠵᠢᠶ᠎ᠠ ᠶᠢ ᠨᠠᠷᠢᠯᠢᠭ ᠲᠣᠭᠲᠠᠭᠠᠵᠤ᠂ ᠲᠦᠷᠦᠯ ᠲᠡᠮᠳᠡᠭᠲᠦ ᠶᠢᠨ ᠬᠠᠮᠠᠭᠠᠯᠠᠯᠲᠠ ᠪᠠ ᠠᠰᠢᠭᠯᠠᠯᠲᠠ᠂ ᠲᠠᠷᠢᠶᠠᠯᠠᠩ ᠮᠠᠯ ᠠᠵᠤ ᠠᠬᠤᠢ ᠶᠢᠨ ᠨᠡᠶᠢᠭᠡᠮᠴᠢᠯᠡᠭᠰᠡᠨ ᠦᠢᠯᠡᠴᠢᠯᠡᠭᠡ᠂ ᠲᠠᠪᠴᠠᠩ ᠤᠨ ᠪᠠᠶᠢᠭᠤᠯᠤᠯᠲᠠ ᠵᠡᠷᠭᠡ ᠲᠠᠯ᠎ᠠ ᠪᠠᠷ ᠪᠣᠳᠠᠲᠠᠢ ᠱᠠᠭᠠᠷᠳᠠᠯᠭ᠎ᠠ ᠭᠠᠷᠭᠠᠭᠰᠠᠨ ᠪᠦᠭᠡᠳ ᠳᠦᠷᠢᠮ ᠠᠴᠠ ᠵᠥᠷᠢᠴᠡᠭᠰᠡᠨ ᠠᠵᠢᠯᠯᠠᠭ᠎ᠠ ᠶᠢ ᠲᠣᠭᠲᠠᠭᠠᠯ ᠶᠣᠰᠣᠭᠠᠷ ᠰᠶᠢᠳᠬᠡᠬᠦ ᠪᠤᠯᠤᠨ᠎ᠠ᠃     ᠳᠤᠰ ᠳᠦᠷᠢᠮ ᠢ ᠬᠡᠷᠡᠭᠵᠢᠭᠦᠯᠬᠦ ᠪᠠᠷ ᠳᠡᠮᠵᠢᠨ ᠠᠷᠪᠠᠰ ᠤᠨ ᠨᠤᠤᠯᠤᠭᠤᠷ ᠤᠨ ᠴᠠᠭᠠᠨ ᠢᠮᠠᠭᠠᠨ ᠤ ᠬᠠᠮᠠᠭᠠᠯᠠᠯᠲᠠ ᠶᠢ ᠵᠠᠰᠠᠭ ᠤᠨ ᠣᠷᠳᠣᠨ ᠢᠶᠠᠷ ᠭᠤᠣᠯᠯᠠᠭᠤᠯᠵᠤ᠂ ᠣᠯᠠᠨ ᠡᠰᠢᠴᠢᠯᠡᠨ ᠣᠷᠣᠯᠴᠠᠭᠤᠯᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠢᠡᠷ ᠲᠤᠯᠭᠠᠭᠤᠷᠢᠯᠠᠬᠤ᠂ ᠪᠣᠬᠢᠷᠲᠤᠯ ᠦᠭᠡᠢ ᠪᠠᠷ ᠬᠥᠭᠵᠢᠭᠦᠯᠬᠦ᠂ ᠬᠠᠮᠠᠭᠠᠯᠠᠬᠤ ᠶᠢ ᠲᠡᠷᠢᠭᠦᠨ ᠪᠠᠶᠢᠷᠢᠨ ᠳᠤ ᠲᠠᠯᠪᠢᠬᠤ᠂ ᠡᠭᠦᠷᠢᠳᠡ ᠦᠷᠭᠦᠯᠵᠢᠯᠡᠨ ᠠᠰᠢᠭᠯᠠᠨ ᠬᠥᠭᠵᠢᠬᠦᠯᠵᠦ᠂ ᠠᠵᠤ ᠠᠬᠤᠢ ᠶᠢᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ ᠪᠠ ᠠᠮᠢ ᠠᠬᠤᠢ ᠶᠢᠨ ᠦᠷ᠎ᠡ ᠠᠰᠢᠭ ᠢ ᠬᠠᠮᠳᠤ ᠪᠠᠷ ᠪᠡᠶᠡᠯᠡᠭᠦᠯᠬᠦ ᠪᠣᠯᠣᠨ᠎ᠠ᠃ 
ᠢᠷᠡᠯᠲᠡ᠄ ᠤᠷᠳᠤᠰ ᠤᠨ ᠡᠳᠤᠷ ᠤᠨ ᠰᠤᠨᠢᠨ