ᠪᠠᠷᠠᠭᠤᠨ ᠯᠢᠶᠣᠤᠾᠧ ᠭᠤᠣᠯ ᠤᠨ ᠪᠣᠯᠪᠠᠰᠤᠨ ᠤ ᠡᠭᠦᠰᠦᠯ
ᠨᠡᠶᠢᠲᠡᠯᠡᠭᠰᠡᠨ ᠴᠠᠭ᠄
2023/10/25
     ᠯᠢᠶᠣᠤᠾᠧ ᠭᠤᠣᠯ ᠪᠣᠯ ᠳᠤᠮᠳᠠᠳᠤ ᠤᠯᠤᠰ ᠤᠨ ᠳᠣᠯᠣᠭᠠᠨ ᠶᠡᠭᠡ ᠭᠤᠣᠯ ᠮᠥᠷᠡᠨ ᠤ ᠨᠢᠭᠡ ᠪᠣᠯᠬᠤ ᠪᠥᠭᠡᠳ ᠪᠠᠷᠠᠭᠤᠨ ᠯᠢᠶᠣᠤᠾᠧ ᠭᠤᠣᠯ ᠪᠣᠯ ᠯᠢᠶᠣᠤᠾᠧ ᠭᠤᠣᠯ ᠤᠨ ᠭᠤᠣᠯ ᠡᠬᠢ ᠨᠢ ᠪᠣᠯᠤᠨ᠎ᠠ᠃ ᠪᠠᠷᠠᠭᠤᠨ ᠯᠢᠶᠣᠤᠾᠧ ᠭᠤᠣᠯ ᠤᠨ ᠳᠡᠭᠡᠳᠦ ᠤᠷᠤᠰᠬᠠᠯ ᠳᠤ ᠬᠤᠶᠠᠷ ᠶᠡᠭᠡ ᠰᠠᠯᠪᠤᠷᠢ ᠤᠷᠤᠰᠬᠠᠯ ᠲᠠᠢ᠂ ᠯᠤᠤᠬ᠎ᠠ ᠶᠢᠨ ᠭᠤᠣᠯ ᠪᠣᠯᠤᠨ ᠰᠢᠷᠠᠮᠥ᠋ᠷᠡᠨ ᠭᠤᠣᠯ ᠪᠣᠯ ᠪᠠᠷᠠᠭᠤᠨ ᠯᠢᠶᠣᠤᠾᠧ ᠭᠤᠣᠯ ᠤᠨ ᠬᠤᠶᠠᠷ ᠶᠡᠭᠡ ᠡᠬᠢ ᠪᠣᠯᠤᠨ᠎ᠠ᠃ ᠬᠤᠶᠠᠷ ᠭᠤᠣᠯ ᠨᠡᠶᠢᠯᠡᠭᠡᠳ ᠪᠦᠷᠢᠯᠳᠦᠭᠰᠡᠨ ᠭᠤᠣᠯ ᠤᠷᠤᠰᠬᠠᠯ ᠢ ᠪᠠᠷᠠᠭᠤᠨ ᠯᠢᠶᠣᠤᠾᠧ ᠭᠤᠣᠯ ᠭᠡᠳᠡᠭ᠃     20 ᠳ᠋ᠤᠭᠠᠷ ᠵᠠᠭᠤᠨ ᠤ ᠰᠡᠭᠦᠯᠴᠢ ᠪᠠᠷ᠂ ᠳᠤᠮᠳᠠᠳᠤ ᠤᠯᠤᠰ ᠤᠨ ᠬᠠᠭᠤᠴᠢ ᠰᠤᠳᠤᠯᠤᠭᠴᠢᠳ ᠬᠡᠳᠦᠨ ᠮᠢᠩᠭᠠᠨ ᠵᠢᠯ ᠤᠨ ᠡᠮᠦᠨ᠎ᠡ ᠪᠠᠷᠠᠭᠤᠨ ᠯᠢᠶᠣᠤᠾᠧ ᠭᠤᠣᠯ ᠤᠨ ᠰᠠᠪᠠ ᠭᠠᠵᠠᠷ ᠲᠤ ᠪᠤᠢ ᠪᠤᠯᠤᠭᠰᠠᠨ ᠪᠣᠯᠪᠠᠰᠤᠨ ᠢ ᠳᠡᠯᠡᠬᠡᠶ ᠳ᠋ᠠᠬᠢᠨ ᠳᠤ ᠮᠡᠳᠡᠭᠦᠯᠦᠭᠰᠡᠨ ᠪᠠᠶᠢᠨ᠎ᠠ᠃ ᠣᠲᠣ ᠠᠴᠠ ᠪᠠᠷᠤᠭ 8000 ᠵᠢᠯ ᠤᠨ ᠡᠮᠦᠨᠡᠬᠢ ᠰᠢᠩ ᠯᠦᠩ ᠸᠠ ᠶᠢᠨ ᠰᠣᠶᠣᠯ ᠳᠤ ᠨᠢᠭᠡᠨᠲᠡ ᠨᠠᠷᠢᠮᠤ ᠲᠠᠷᠢᠬᠤ ᠪᠠᠷ ᠣᠨᠴᠠᠯᠢᠭ ᠪᠣᠯᠭᠠᠭᠰᠠᠨ ᠬᠠᠭᠤᠷᠠᠢ ᠪᠠᠷ ᠲᠠᠷᠢᠶᠠᠯᠠᠬᠤ ᠲᠠᠷᠢᠶᠠᠯᠠᠩ ᠤᠨ ᠰᠤᠶᠤᠯ ᠪᠣᠶ ᠪᠣᠯᠵᠣ᠂ ᠳᠠᠷᠠᠭᠠᠴᠢ ᠶᠢᠨ ᠵᠣᠣ ᠪᠦᠦ ᠭᠸᠤ᠂ ᠬᠤᠩᠱᠠᠨ᠂ ᠰᠢᠶᠤᠤ ᠾᠧ ᠶᠠᠨ ᠵᠡᠷᠭᠡ ᠨᠢ ᠬᠠᠭᠤᠴᠢ ᠰᠤᠳᠤᠯᠤᠯ ᠤᠨ ᠡᠲᠡᠭᠡᠳ ᠤᠨ ᠬᠢᠨ ᠳᠤ ᠨᠡᠷᠡᠶᠢᠳᠦᠭᠳᠡᠵᠦ᠂ ᠬᠥᠮᠦᠰ ᠤᠨ ᠠᠩᠬᠠᠷᠤᠯ ᠢ ᠲᠠᠲᠠᠭᠰᠠᠨ ᠲᠡᠦᠬᠡᠨ ᠡᠮᠦᠨᠡᠬᠢ ᠰᠣᠶᠣᠯ ᠤᠳ ᠢ ᠵᠠᠯᠭᠠᠭ᠎ᠠ ᠪᠠᠷ ᠢᠯᠡᠷᠡᠭᠦᠯᠵᠡᠢ᠂ ᠡᠷᠲᠡᠨ ᠤ ᠬᠦᠮᠦᠨ ᠴᠢᠯᠠᠭᠤ ᠬᠠᠭᠠᠯᠤᠨ ᠰᠢᠷᠤᠢ ᠮᠠᠯᠲᠠᠨ ᠲᠠᠷᠢᠶ᠎ᠠ ᠲᠠᠷᠢᠵᠤ᠂ ᠪᠠᠷᠠᠭᠤᠨ ᠯᠢᠶᠣᠤᠾᠧ ᠭᠤᠤᠯ ᠤᠨ ᠶᠡᠭᠡ ᠪᠠᠭ᠎ᠠ ᠤᠷᠤᠰᠬᠠᠯ ᠲᠠᠭᠠᠤ ᠪᠣᠯᠪᠠᠰᠤᠨ ᠤ ᠬᠡᠷᠡᠯ ᠭᠢᠯᠪᠠᠭ᠎ᠠ ᠪᠠᠨ ᠰᠠᠴᠤᠷᠠᠭᠤᠯᠵᠠᠶ᠃
default2023-10-08-0335691b23-c364-4d76-9107-d623001d80cb.jpg
     ( ᠡᠮᠤᠨ᠎ᠠ ᠪᠤᠯᠠᠬᠳᠤ ᠶᠢᠨ ᠣᠩᠭᠤᠨ ᠤ ᠪᠦᠬᠦ ᠦᠵᠡᠮᠵᠢ)     ᠪᠠᠷᠠᠭᠤᠨ ᠯᠢᠶᠣᠤᠾᠧ ᠭᠤᠣᠯ ᠤᠨ ᠡᠷᠲᠡ ᠦᠶ᠎ᠡ ᠶᠢᠨ ᠪᠣᠯᠪᠠᠰᠤᠨ ᠤ ᠲᠤᠬᠠᠶ ᠬᠠᠶᠢᠨ ᠰᠢᠨᠵᠢᠯᠡᠯᠲᠡ ᠨᠢ ᠪᠠᠷᠤᠭ ᠳᠤᠮᠳᠠᠳᠤ ᠤᠯᠤᠰ ᠤᠨ ᠬᠠᠭᠤᠴᠢ ᠰᠤᠳᠤᠯᠤᠯ ᠤᠨ ᠵᠠᠭᠤᠨ ᠵᠢᠯ ᠤᠨ ᠲᠤᠷᠰᠢᠬᠢ ᠬᠥᠭᠵᠢᠯᠲᠡ ᠶᠢᠨ ᠶᠠᠪᠤᠴᠠ ᠶᠢ ᠳᠠᠭᠠᠯᠳᠤᠨ ᠶᠠᠪᠤᠭᠳᠠᠵᠠᠶ᠃ ᠳᠤᠮᠳᠠᠳᠤ ᠤᠯᠤᠰ ᠤᠨ ᠬᠠᠭᠤᠴᠢ ᠰᠤᠳᠤᠯᠤᠯ ᠪᠤᠢ ᠪᠣᠯᠤᠭᠰᠠᠨ ᠦᠶ᠎ᠡ ᠠᠴᠠ ᠡᠬᠢᠯᠡᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠡᠷᠳᠡᠮᠲᠡᠳ ᠬᠤᠩᠱᠠᠨ ᠤ ᠰᠣᠶᠣᠯ ᠢ ᠠᠩᠬᠠᠷᠤᠯ ᠳᠠᠭᠠᠨ ᠠᠪᠤᠬᠰᠠᠠ ᠠᠴᠠ ᠨᠠᠭᠠᠰᠢ᠂ ᠡᠷᠲᠡ ᠦᠶ᠎ᠡ ᠶᠢᠨ ᠪᠠᠷᠠᠭᠤᠨ ᠯᠢᠶᠣᠤᠾᠧ ᠭᠤᠣᠯ ᠤᠨ ᠪᠣᠯᠪᠠᠰᠤᠨ ᠤ ᠬᠠᠭᠤᠴᠢ ᠰᠤᠳᠤᠯᠤᠯ ᠤᠨ ᠬᠠᠶᠢᠨ ᠰᠦᠪᠡᠭᠴᠢᠯᠡᠯᠲᠡ ᠡᠬᠢᠯᠡᠪᠠ᠃     ᠪᠠᠷᠠᠭᠤᠨ ᠯᠢᠶᠣᠤᠾᠧ ᠭᠤᠣᠯ ᠤᠨ ᠰᠠᠪᠠ ᠭᠠᠵᠠᠷ ᠤᠨ ᠬᠥᠮᠦᠨ ᠲᠥᠷᠥᠯᠬᠢᠲᠡᠨ ᠤ ᠲᠡᠦᠬᠡ ᠶᠢ ᠣᠳᠣ ᠠᠴᠠ ᠲᠦᠮᠡ ᠭᠠᠷᠤᠢ ᠵᠢᠯ ᠤᠨ ᠡᠮᠦᠨᠡᠬᠢ ᠬᠠᠭᠤᠴᠢᠨ ᠴᠢᠯᠠᠭᠤᠨ ᠵᠡᠪᠰᠡᠭ ᠤᠨ ᠰᠡᠭᠦᠯᠴᠢ ᠶᠢᠨ ᠦᠶ᠎ᠡ ᠬᠦᠷᠲᠡᠯ᠎ᠡ ᠮᠥᠷᠳᠡᠵᠦ ᠪᠣᠯᠤᠨ᠎ᠠ᠃ ᠰᠢᠨ᠎ᠡ ᠴᠢᠯᠠᠭᠤᠨ ᠵᠡᠪᠰᠡᠭ ᠤᠨ ᠦᠶ᠎ᠡ ᠪᠤᠯᠤᠭᠠᠳ᠂ ᠪᠠᠯᠠᠷ ᠡᠷᠲᠡᠨ ᠤ ᠲᠠᠷᠢᠶᠠᠯᠠᠩ ᠤᠨ ᠰᠤᠶᠤᠯ ᠠᠭᠠᠵᠢᠮ ᠢᠶᠠᠷ ᠪᠤᠢ ᠪᠤᠯᠵᠥ᠂ ᠬᠥᠮᠦᠨ ᠲᠥᠷᠥᠯᠬᠢᠲᠡᠨ ᠰᠠᠭᠤᠷᠢᠰᠢᠨ ᠠᠮᠢᠳᠤᠷᠠᠵᠤ ᠡᠬᠢᠯᠡᠭᠡᠳ᠂ ᠭᠡᠷ ᠪᠠᠷᠢᠯᠭ᠎ᠠ ᠪᠠᠷᠢᠵᠤ᠂ ᠸᠠᠭᠠᠷ ᠰᠠᠪᠠ ᠵᠤᠬᠢᠶᠠᠨ᠂ ᠭᠡᠷ ᠤᠨ ᠲᠡᠵᠢᠭᠡᠪᠦᠷᠢ ᠲᠡᠵᠢᠭᠡᠵᠦ᠂ ᠴᠢᠯᠠᠭᠤᠨ ᠵᠡᠪᠰᠡᠭ ᠪᠠ ᠬᠠᠰ ᠡᠳ᠋ᠯᠡᠯ ᠢ ᠦᠢᠯᠡᠳᠦᠨ᠂ ᠡᠷᠲᠡ ᠦᠶ᠎ᠡ ᠶᠢᠨ ᠱᠠᠰᠢᠨ ᠤ ᠶᠣᠰᠣᠯᠠᠯ ᠢ ᠡᠭᠦᠳᠦᠭᠰᠡᠨ ᠪᠠᠶᠢᠨ᠎ᠠ᠃ ᠡᠳᠡᠭᠡᠷ ᠪᠣᠯᠪᠠᠰᠤᠨ ᠤ ᠬᠦᠴᠦᠨ ᠵᠦᠢᠯ ᠤᠨ ᠬᠤᠷᠠᠮᠳᠤᠯ ᠨᠢ ᠨᠠᠷᠢᠨ ᠪᠤᠳᠤᠯᠢᠶᠠᠨᠲᠠᠢ ᠨᠡᠶᠢᠭᠡᠮ ᠲᠡᠶᠢᠰᠢ ᠤᠷᠤᠭᠰᠢᠯᠠᠬᠤ ᠠᠯᠬᠤᠮ ᠢ ᠲᠦᠷᠭᠡᠳᠭᠡᠪᠠ᠃ ᠣᠲᠣ ᠠᠴᠠ 5800 ᠵᠢᠯ ᠤᠨ ᠡᠮᠦᠨ᠎ᠡ᠂ ᠬᠥᠬᠡᠮᠥ᠋ᠷᠡᠨ ᠤ ᠳᠤᠤᠷᠠᠳᠤ ᠤᠷᠤᠰᠬᠠᠯ᠂ ᠬᠠᠲᠤᠨ ᠭᠤᠤᠯ ᠤᠨ ᠳᠤᠮᠳᠠᠳᠤ ᠳᠤᠤᠷᠠᠳᠤ ᠤᠷᠤᠰᠬᠠᠯ ᠪᠠ ᠪᠠᠷᠠᠭᠤᠨ ᠯᠢᠶᠣᠤᠾᠧ ᠭᠤᠤᠯ ᠤᠨ ᠰᠠᠪᠠ ᠭᠠᠵᠠᠷ ᠲᠠᠬᠢ ᠨᠡᠶᠢᠭᠡᠮ ᠤᠨ ᠰᠣᠶᠣᠯ ᠤᠨ ᠬᠥᠭᠵᠢᠯᠲᠡ ᠨᠡᠯᠢᠶᠡᠳ ᠲᠡᠷᠢᠭᠦᠨ ᠤ ᠬᠡᠮᠵᠢᠶᠡᠨ ᠳᠤ ᠬᠦᠷᠦᠭᠰᠡᠨ ᠭᠠᠵᠠᠷ ᠣᠷᠣᠨ ᠨᠢᠭᠡᠨᠲᠡ ᠡᠷᠲᠡ ᠦᠶ᠎ᠡ ᠶᠢᠨ ᠪᠣᠯᠪᠠᠰᠤᠨ ᠨᠡᠶᠢᠭᠡᠮ ᠳᠤ ᠤᠷᠤᠭᠰᠠᠨ ᠢ ︽ᠳᠤᠮᠳᠠᠳᠤ ᠶᠢᠨ ᠪᠣᠯᠪᠠᠰᠤᠨ ᠤ ᠡᠬᠢ ᠶᠢ ᠬᠠᠶᠢᠬᠤ ᠢᠨᠵᠧᠨᠧᠷᠢᠩ︾ ᠤᠨ ᠣᠯᠠᠨ ᠰᠢᠨᠵᠢᠯᠡᠭᠡᠨ ᠤ ᠶᠡᠷᠦᠩᠬᠡᠶᠢᠯᠡᠭᠰᠡᠨ ᠰᠤᠳᠤᠯᠭᠠᠨ ᠤ ᠦᠷ᠎ᠡ ᠪᠦᠲᠦᠭᠡᠯ ᠭᠡᠷᠡᠴᠢᠯᠡᠵᠥ ᠪᠤᠢ᠃     ᠳᠤᠮᠳᠠᠳᠤ ᠶᠢᠨ ᠦᠨᠳᠦᠰᠦᠲᠡᠨ ᠤ ᠪᠦᠷᠢᠯᠳᠦᠯ ᠭᠡᠳᠡᠭ ᠡᠨᠡ ᠬᠦ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠬᠠᠭᠤᠴᠢ ᠰᠤᠳᠤᠯᠤᠯ ᠤᠨ ᠲᠠᠨᠢᠯᠲᠠ ᠥᠩᠭᠡᠷᠡᠭᠰᠡᠨ ᠳᠤ ᠵᠥᠷᠢᠶ᠎ᠡ ᠲᠠᠢ ᠪᠠᠶᠢᠵᠤ᠂ ᠵᠦᠩᠶᠤᠸᠠᠨ ᠣᠷᠣᠨ ᠤ ᠡᠷᠲᠡᠨ ᠤ ᠰᠣᠶᠣᠯ ᠢ ᠬᠡᠲᠦᠷᠬᠡᠶ ᠳᠠᠪᠠᠭᠤᠯᠤᠭᠠᠳ ᠬᠠᠷᠢᠨ ᠤᠮᠠᠷᠠᠲᠤ ᠣᠷᠣᠨ ᠤ ᠡᠷᠲᠡᠨ ᠤ ᠰᠣᠶᠣᠯ ᠢ ᠲᠤᠤᠷᠠᠰᠢᠶᠠᠵᠤ ᠪᠠᠶᠢᠵᠠᠢ᠂ ᠯᠢᠶᠣᠤᠾᠧ ᠭᠤᠤᠯ ᠤᠨ ᠰᠠᠪᠠ ᠭᠠᠵᠠᠷ ᠤᠨ ᠬᠠᠭᠤᠴᠢ ᠰᠤᠳᠤᠯᠤᠯ ᠤᠨ ᠢᠯᠡᠷᠡᠭᠦᠯᠦᠯᠲᠡ ᠳᠤᠮᠳᠠᠳᠤ ᠶᠢᠨ ᠪᠣᠯᠪᠠᠰᠤᠨ ᠤ ᠲᠡᠦᠬᠡ ᠶᠢ 1000 ᠵᠢᠯ ᠤᠷᠢᠳᠴᠢᠯᠠᠭᠤᠯᠵᠠᠶ᠂ ᠡᠨᠡ ᠭᠠᠵᠠᠷ ᠢ ︽ᠪᠣᠯᠪᠠᠰᠤᠨ ᠤ ᠨᠠᠷᠠᠨ ᠮᠠᠨᠳᠤᠭᠰᠠᠨ ᠭᠠᠵᠠᠷ︾ ᠭᠡᠵᠦ ᠬᠡᠯᠡᠵᠦ ᠪᠣᠯᠤᠨ᠎ᠠ ᠭᠡᠵᠦ ᠨᠠᠷᠠᠳᠤ ᠬᠠᠭᠤᠴᠢ ᠰᠤᠳᠤᠯᠤᠭᠴᠢ ᠰᠤ᠋ ᠪᠢᠩ ᠴᠢ ︽ᠳᠤᠮᠳᠠᠳᠤ ᠶᠢᠨ ᠪᠣᠯᠪᠠᠰᠤᠨ ᠤ ᠰᠢᠨ᠎ᠡ ᠥᠷ ᠤᠨ ᠲᠤᠶᠠᠭ᠎ᠠ︾ ᠳᠤ ᠲᠡᠮᠳᠡᠭᠯᠡᠭᠰᠡᠨ ᠪᠠᠶᠢᠨ᠎ᠠ᠃     ᠳᠤᠮᠳᠠᠳᠤ ᠤᠯᠤᠰ ᠤᠨ ᠪᠠᠷᠠᠭᠤᠨ ᠯᠢᠶᠣᠤᠾᠧ ᠭᠤᠣᠯ ᠤᠨ ᠰᠠᠪᠠ ᠭᠠᠵᠠᠷ ᠤᠨ ᠰᠢᠨ᠎ᠡ ᠴᠢᠯᠠᠭᠤᠨ ᠵᠡᠪᠰᠡᠭ ᠤᠨ ᠦᠶ᠎ᠡ ᠶᠢᠨ ᠬᠤᠶᠠᠷ ᠰᠣᠶᠣᠯ ᠤᠨ ᠣᠷᠭᠢᠯ ᠪᠤᠯ ᠲᠤᠰ ᠲᠤᠰ ᠰᠢᠩ ᠯᠦᠩ ᠸᠠ ᠶᠢᠨ ᠰᠣᠶᠣᠯ ᠪᠠ ᠬᠤᠩᠱᠠᠨ ᠤ ᠰᠣᠶᠣᠯ ᠪᠤᠯᠤᠨ᠎ᠠ᠂ ᠣᠳᠣ ᠠᠴᠠ 4000 — 3500 ᠵᠢᠯ ᠤᠨ ᠡᠮᠦᠨᠡᠬᠢ ᠰᠢᠶᠠ ᠵᠢᠶᠠ ᠳ᠋ᠢᠶᠠᠨ ᠤ ᠳᠣᠣᠷᠠᠳᠤ ᠳᠠᠪᠬᠤᠷᠭ᠎ᠠ ᠶᠢᠨ ᠰᠣᠶᠣᠯ ᠤᠨ ᠬᠤᠭᠤᠴᠠᠭ᠎ᠠ ᠪᠣᠯᠤᠭᠠᠳ᠂ ᠪᠠᠷᠠᠭᠤᠨ ᠯᠢᠶᠣᠤᠾᠧ ᠭᠤᠣᠯ ᠤᠨ ᠰᠠᠪᠠ ᠭᠠᠵᠠᠷ ᠳᠡᠭᠡᠳᠦ ᠵᠡᠷᠭᠡ ᠶᠢᠨ ᠪᠣᠯᠪᠠᠰᠤᠨ ᠨᠡᠶᠢᠭᠡᠮ ᠳᠤ ᠤᠷᠤᠬᠰᠠᠨ ᠶᠤᠮ᠃ ︽ᠳᠤᠮᠳᠠᠳᠤ ᠶᠢᠨ ᠪᠣᠯᠪᠠᠰᠤᠨ ᠤ ᠡᠭᠦᠰᠦᠯ ᠤᠨ ᠠᠬᠢᠴᠠ ᠳᠤ ᠪᠠᠷᠠᠭᠤᠨ ᠯᠢᠶᠣᠤᠾᠧ ᠭᠤᠣᠯ ᠤᠨ ᠰᠠᠪᠠ ᠭᠠᠵᠠᠷ ᠤᠨ ᠪᠠᠶᠢᠷᠢ ᠰᠠᠭᠤᠷᠢ ᠲᠦᠢᠯ ᠤᠨ ᠴᠢᠬᠤᠯᠠ ᠪᠥᠭᠡᠳ ᠲᠤᠪᠤᠶᠢᠮ᠎ᠠ ᠪᠠᠶᠢᠳᠠᠭ᠂ ᠲᠡᠷᠡ ᠨᠢ ᠳᠤᠮᠳᠠᠳᠤ ᠶᠢᠨ ᠪᠣᠯᠪᠠᠰᠤᠨ ᠤ ᠤᠯᠠᠨ ᠡᠰᠢᠲᠦ ᠨᠢᠭᠡ ᠴᠤᠬᠴᠠ ᠶᠢᠨ ᠪᠠᠶᠢᠷᠢᠰᠢᠯ ᠤᠨ ᠪᠦᠷᠢᠯᠳᠦᠬᠦ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠢ︾ ᠭᠡᠵᠦ ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠬᠠᠭᠤᠴᠢ ᠰᠤᠳᠤᠯᠤᠯ ᠤᠨ ᠭᠠᠵᠠᠷ ᠤᠨ ᠰᠤᠳᠤᠯᠤᠭᠴᠢ᠂ ᠬᠤᠩᠱᠠᠨ ᠤ ᠰᠣᠶᠣᠯ ᠤᠨ ᠠᠯᠳᠠᠷᠲᠤ ᠲᠤᠰᠬᠠᠢ ᠮᠡᠷᠭᠡᠵᠢᠯᠲᠡᠨ ᠯᠢᠦ ᠭᠦᠸᠧ ᠰᠢᠶᠠᠩ ᠬᠡᠯᠡᠵᠥ ᠪᠢᠯᠠ᠃ 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ