ᠲᠦᠷᠦᠭᠦᠦ ᠭᠤᠷᠪᠠᠨ ᠤᠯᠠᠷᠢᠯ ᠳᠤ ︽ᠪᠢ ᠠᠵᠤ ᠠᠬᠤᠶᠢᠯᠠᠯ ᠳᠤ ᠵᠠᠬᠢᠶᠠᠯᠠᠭ᠎ᠠ ᠶᠢᠨ ᠬᠠᠭᠤᠳᠠᠰᠤ ᠡᠷᠢᠵᠤ ᠥᠭᠬᠦ︾ ᠠᠵᠢᠯᠯᠠᠭ᠎ᠠ ᠳᠤ ᠪᠦᠬᠦ ᠬᠤᠲᠠ ᠪᠠᠷ ᠎ ᠢᠶᠠᠨ 74 ᠳ᠋ᠦᠩᠰᠢᠭᠤᠷ ᠲᠦᠭᠦᠷᠢᠭ ᠤᠨ ᠵᠠᠬᠢᠶᠠᠯᠠᠭ᠎ᠠ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2023/10/31
    ᠤᠷᠴᠢᠮᠬᠠᠨ ᠬᠤᠲᠠ ᠶᠢᠨ ᠠᠵᠤ ᠦᠢᠯᠡᠳᠪᠦᠷᠢ ᠪᠤᠯᠤᠨ ᠮᠡᠳᠡᠭᠡ ᠵᠠᠩᠬᠢᠵᠢᠯᠲᠠ ᠶᠢᠨ ᠲᠤᠪᠴᠢᠶ᠎ᠠ ᠠᠴᠠ ᠤᠶᠢᠯᠭᠠᠭᠰᠠᠨ ᠢᠶᠠᠷ᠂ ᠲᠦᠷᠦᠭᠦᠦ ᠭᠤᠷᠪᠠᠨ ᠤᠯᠠᠷᠢᠯ ᠎ ᠳᠤ ︽ᠪᠢ ᠠᠵᠤ ᠠᠬᠤᠶᠢᠯᠠᠯ ᠳᠤ ᠵᠠᠬᠢᠶᠠᠯᠠᠭ᠎ᠠ ᠶᠢᠨ ᠬᠠᠭᠤᠳᠠᠰᠤ ᠡᠷᠢᠵᠤ ᠥᠭᠬᠦ︾ ᠠᠵᠢᠯᠯᠠᠭ᠎ᠠ ᠳᠤ ᠪᠦᠬᠦ ᠬᠤᠲᠠ ᠶᠢᠨ 395 ᠠᠵᠤ ᠠᠬᠤᠶᠢᠯᠠᠯ ᠵᠠᠬᠢᠶᠠᠯᠠᠭ᠎ᠠ ᠎ ᠶᠢᠨ ᠬᠠᠭᠤᠳᠠᠰᠤ ᠲᠤᠰᠴᠦ᠂ 10881 ᠵᠠᠬᠢᠶᠠᠯᠠᠭ᠎ᠠ ᠶᠢᠨ ᠬᠠᠭᠤᠳᠠᠰᠤᠨ ᠳᠤ ᠭᠠᠷ ᠤᠨ ᠦᠰᠦᠭ ᠵᠢᠷᠤᠵᠤ᠂ 74.02 ᠳ᠋ᠦᠩᠰᠢᠭᠤᠷ ᠲᠥᠭᠦᠷᠢᠭ ᠤᠨ ᠵᠠᠬᠢᠶᠠᠯᠠᠯᠭ᠎ᠠ ᠶᠢ ᠪᠡᠶᠡᠯᠡᠭᠦᠯᠪᠡ᠃    ᠡᠭᠦᠨ ᠳᠤ᠂ ᠳ᠋ᠦᠩᠱᠧᠩ ᠲᠤᠭᠤᠷᠢᠭ ᠪᠠ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠲᠤᠭᠤᠷᠢᠭ ᠤᠨ 175 ᠠᠵᠤ ᠠᠬᠤᠶᠢᠯᠠᠯ ᠵᠠᠬᠢᠶᠠᠯᠠᠭ᠎ᠠ ᠶᠢᠨ ᠬᠠᠭᠤᠳᠠᠰᠤ ᠲᠤᠰᠴᠦ᠂ 9372 ᠵᠠᠬᠢᠶᠠᠯᠠᠭ᠎ᠠ ᠶᠢᠨ ᠬᠠᠭᠤᠳᠠᠰᠤᠨ ᠳᠤ ᠭᠠᠷ ᠤᠨ ᠦᠰᠦᠭ ᠵᠢᠷᠤᠵᠤ᠂ 14.1 ᠳ᠋ᠦᠩᠰᠢᠭᠤᠷ ᠲᠦᠭᠦᠷᠢᠭ ᠤᠨ ᠵᠠᠬᠢᠶᠠᠯᠠᠭ᠎ᠠ ᠶᠢ ᠪᠡᠶᠡᠯᠡᠭᠦᠯᠪᠡ︔ ᠵᠡᠭᠦᠠᠭᠠᠷ ᠬᠤᠰᠢᠭᠤᠨ ᠤ 36 ᠠᠵᠤ ᠠᠬᠤᠶᠢᠯᠠᠯ ᠵᠠᠬᠢᠶᠠᠯᠠᠭ᠎ᠠ ᠶᠢᠨ ᠬᠠᠭᠤᠳᠠᠰᠤ ᠲᠤᠰᠴᠦ᠂ 628 ᠵᠠᠬᠢᠶᠠᠯᠠᠭ᠎ᠠ ᠶᠢᠨ ᠬᠠᠭᠤᠳᠠᠰᠤᠨ ᠳᠤ ᠭᠠᠷ ᠤᠨ ᠦᠰᠦᠭ ᠵᠢᠷᠤᠵᠤ᠂ 13.83 ᠳ᠋ᠦᠩᠰᠢᠭᠤᠷ ᠲᠦᠭᠦᠷᠢᠭ ᠤᠨ ᠵᠠᠬᠢᠶᠠᠯᠠᠭ᠎ᠠ ᠶᠢ ᠪᠡᠶᠡᠯᠡᠭᠦᠯᠪᠡ︔ ᠡᠵᠡᠨ ᠬᠤᠷᠤᠭ᠎ᠠ ᠬᠤᠰᠢᠭᠤᠨ ᠤ 113 ᠠᠵᠤ ᠠᠬᠤᠶᠢᠯᠠᠯ ᠵᠠᠬᠢᠶᠠᠯᠠᠭ᠎ᠠ ᠶᠢᠨ ᠬᠠᠭᠤᠳᠠᠰᠤ ᠲᠤᠰᠴᠤ᠂ 412 ᠵᠠᠬᠢᠶᠠᠯᠠᠭ᠎ᠠ ᠶᠢᠨ ᠬᠠᠭᠤᠳᠠᠰᠤᠨ ᠳᠤ ᠭᠠᠷ ᠤᠨ ᠦᠰᠦᠭ ᠵᠢᠷᠤᠵᠤ᠂ 15.47 ᠳ᠋ᠦᠩᠰᠢᠭᠤᠷ ᠲᠦᠭᠦᠷᠢᠭ ᠤᠨ ᠵᠠᠬᠢᠶᠠᠯᠠᠭ᠎ᠠ ᠶᠢ ᠪᠡᠶᠡᠯᠡᠭᠦᠯᠪᠡ︔ ᠦᠦᠰᠢᠨ ᠬᠤᠰᠢᠭᠤᠨ ᠤ 4 ᠠᠵᠤ ᠠᠬᠤᠶᠢᠯᠠᠯ ᠵᠠᠬᠢᠶᠠᠯᠠᠭ᠎ᠠ ᠶᠢᠨ ᠬᠠᠭᠤᠳᠠᠰᠤ ᠲᠤᠰᠴᠦ᠂ 9 ᠵᠠᠬᠢᠶᠠᠯᠠᠭ᠎ᠠ ᠶᠢᠨ ᠬᠠᠭᠤᠳᠠᠰᠤᠨ ᠳᠤ ᠭᠠᠷ ᠤᠨ ᠦᠰᠦᠭ ᠵᠢᠷᠤᠵᠤ᠂ 1.4 ᠳ᠋ᠦᠩᠰᠢᠭᠤᠷ ᠲᠥᠭᠦᠷᠢᠭ ᠤᠨ ᠵᠠᠬᠢᠶᠠᠯᠠᠭ᠎ᠠ ᠶᠢ ᠪᠡᠶᠡᠯᠡᠭᠦᠯᠪᠡ︔ ᠬᠠᠩᠬᠢᠨ ᠬᠤᠰᠢᠭᠤᠨ ᠤ 8 ᠠᠵᠤ ᠠᠬᠤᠶᠢᠯᠠᠯ ᠵᠠᠬᠢᠶᠠᠯᠠᠭ᠎ᠠ ᠶᠢᠨ ᠬᠠᠭᠤᠳᠠᠰᠤ ᠲᠤᠰᠴᠦ᠂ 10 ᠵᠠᠬᠢᠶᠠᠯᠠᠭ᠎ᠠ ᠶᠢᠨ ᠬᠠᠭᠤᠳᠠᠰᠤᠨ ᠳᠤ ᠭᠠᠷ ᠤᠨ ᠦᠰᠦᠭ ᠵᠢᠷᠤᠵᠤ᠂ 1.2 ᠳ᠋ᠦᠩᠰᠢᠭᠤᠷ ᠲᠥᠭᠦᠷᠢᠭ ᠤᠨ ᠵᠠᠬᠢᠶᠠᠯᠠᠭ᠎ᠠ ᠶᠢ ᠪᠡᠶᠡᠯᠡᠭᠦᠯᠵᠡᠢ︔ ᠤᠲᠤᠭ ᠬᠤᠰᠢᠭᠤᠨ ᠤ 25 ᠠᠵᠤ ᠠᠬᠤᠶᠢᠯᠠᠯ ᠵᠠᠬᠢᠶᠠᠯᠠᠭ᠎ᠠ ᠶᠢᠨ ᠬᠠᠭᠤᠳᠠᠰᠤ ᠲᠤᠰᠴᠦ᠂ 176 ᠵᠠᠬᠢᠶᠠᠯᠠᠭ᠎ᠠ ᠎ ᠶᠢᠨ ᠬᠠᠭᠤᠳᠠᠰᠤᠨ ᠳᠤ ᠭᠠᠷ ᠤᠨ ᠦᠰᠦᠭ ᠵᠢᠷᠤᠵᠤ᠂ 17.78 ᠳ᠋ᠦᠩᠰᠢᠭᠤᠷ ᠲᠥᠭᠦᠷᠢᠭ ᠤᠨ ᠵᠠᠬᠢᠶᠠᠯᠠᠭ᠎ᠠ ᠶᠢ ᠪᠡᠶᠡᠯᠡᠭᠦᠯᠵᠡᠢ︔ ᠤᠲᠤᠭ ᠤᠨ ᠡᠮᠦᠨᠡᠲᠦ ᠬᠤᠰᠢᠭᠤᠨ ᠤ 10 ᠠᠵᠤ ᠠᠬᠤᠶᠢᠯᠠᠯ ᠵᠠᠬᠢᠶᠠᠯᠠᠭ᠎ᠠ ᠶᠢᠨ ᠬᠠᠭᠤᠳᠠᠰᠤ ᠲᠤᠰᠴᠦ᠂ 14 ᠵᠠᠬᠢᠶᠠᠯᠠᠭ᠎ᠠ ᠶᠢᠨ  ᠬᠠᠭᠤᠳᠠᠰᠤᠨ ᠳᠤ ᠭᠠᠷ ᠤᠨ ᠦᠰᠦᠭ ᠵᠢᠷᠤᠵᠤ᠂ 2.88 ᠳ᠋ᠦᠩᠰᠢᠭᠤᠷ ᠲᠥᠭᠦᠷᠢᠭ ᠤᠨ ᠵᠠᠬᠢᠶᠠᠯᠠᠭ᠎ᠠ ᠶᠢ ᠪᠡᠶᠡᠯᠡᠭᠦᠯᠪᠡ᠃
ᠢᠷᠡᠯᠲᠡ᠄ ᠤᠷᠳᠤᠰ ᠤᠨ ᠡᠳᠦᠷ ᠤᠨ ᠰᠤᠨᠢᠨ