ᠣᠷᠳᠣᠰ ᠬᠤᠲᠠ ᠶᠢᠨ ᠮᠧᠩ ᠰᠢ ᠰᠠᠭᠤᠷᠢᠨ ᠭᠠᠵᠠᠷ ᠤᠨ ᠬᠥᠪᠴᠢ ᠶᠢᠨ 200 ᠲᠦᠮᠡᠨ ᠺᠢᠯᠣᠸᠠᠲ ᠤᠨ ᠬᠡᠷᠡᠯ ᠴᠡᠨᠡᠭ ᠢᠶᠠᠷ ᠡᠯᠡᠰᠦ ᠶᠢ ᠵᠠᠰᠠᠬᠤ ᠲᠥᠷᠥᠯ ᠵᠦᠢᠯ ᠤᠨ ᠬᠤᠰᠢᠭᠤᠴᠢ ᠪᠠᠷᠢᠯᠭ᠎ᠠ ᠶᠢᠨ ᠨᠢᠭᠡᠳᠦᠭᠡᠷ ᠪᠠᠷᠢᠮᠵᠢᠶᠠᠲᠤ ᠬᠡᠰᠡᠭ ᠤᠨ ᠤᠷᠢᠳᠴᠢᠯᠠᠨ ᠦᠢᠯᠡᠳᠦᠭᠰᠡᠨ ᠪᠠᠭᠠᠨ᠎ᠠ ᠶᠢᠨ ᠰᠠᠭᠤᠷᠢ ᠪᠠᠭᠠᠨ᠎ᠠ ᠶᠢ ᠨᠢᠭᠡᠨᠲᠡ 100%᠎ ᠳᠤ ᠪᠡᠶᠡᠯᠡᠭᠦᠯᠪᠡ
ᠨᠡᠶᠢᠲᠡᠯᠡᠭᠰᠡᠨ ᠴᠠᠭ᠄
2023/10/31
    ᠣᠳᠣᠬᠠᠨ ᠳᠤ᠂ ᠭᠤᠷᠪᠠᠨ ᠬᠠᠪᠴᠢᠯ ᠤᠨ ᠡᠨᠧᠷᠭᠢ᠂ ᠢ ᠯᠢ ᠪᠦᠯᠦᠭᠯᠡᠯ ᠤᠨ ᠬᠠᠮᠲᠤᠷᠠᠨ ᠨᠡᠭᠡᠭᠡᠨ ᠬᠥᠭᠵᠢᠭᠦᠯᠦᠭᠰᠡᠨ ᠤᠯᠤᠰ ᠤᠨ ︽ᠡᠯᠡᠰᠦ᠂ ᠭᠤᠪᠢ᠂ ᠴᠦᠯ︾ ᠰᠠᠭᠤᠷᠢᠨ ᠭᠠᠵᠠᠷ ᠤᠨ ᠠᠩᠬᠠᠳᠠᠭᠴᠢ ᠪᠦᠯᠦᠭ ᠲᠥᠷᠥᠯ ᠵᠦᠢᠯ - ᠣᠷᠳᠣᠰ ᠬᠤᠲᠠ ᠶᠢᠨ ᠮᠧᠩ ᠰᠢ ᠰᠠᠭᠤᠷᠢᠨ ᠭᠠᠵᠠᠷ ᠤᠨ ᠬᠥᠪᠴᠢ ᠶᠢᠨ 200 ᠲᠦᠮᠡᠨ ᠺᠢᠯᠣᠸᠠᠲ ᠤᠨ ᠬᠡᠷᠡᠯ ᠴᠡᠨᠡᠭ ᠢᠶᠠᠷ ᠡᠯᠡᠰᠦ ᠶᠢ ᠵᠠᠰᠠᠬᠤ ᠲᠥᠷᠥᠯ ᠵᠦᠢᠯ ᠤᠨ ᠬᠤᠰᠢᠭᠤᠴᠢ ᠪᠠᠷᠢᠯᠭ᠎ᠠ ᠶᠢᠨ ᠨᠢᠭᠡᠳᠦᠭᠡᠷ ᠪᠠᠷᠢᠮᠵᠢᠶᠠᠲᠤ ᠬᠡᠰᠡᠭ ᠤᠨ ᠤᠷᠢᠳᠴᠢᠯᠠᠨ ᠦᠢᠯᠡᠳᠦᠭᠰᠡᠨ ᠪᠠᠭᠠᠨ᠎ᠠ ᠶᠢᠨ ᠰᠠᠭᠤᠷᠢ ᠪᠠᠭᠠᠨ᠎ᠠ ᠶᠢ ᠨᠢᠭᠡᠨᠲᠡ 100%᠎ ᠳᠤ ᠪᠡᠶᠡᠯᠡᠭᠦᠯᠪᠡ︔ ᠬᠤᠶᠠᠳᠤᠭᠠᠷ ᠪᠠᠷᠢᠮᠵᠢᠶᠠᠲᠤ ᠬᠡᠰᠡᠭ ᠲᠤ ᠨᠡᠶᠢᠲᠡ 14.5 ᠲᠦᠮᠡᠨ ᠪᠠᠭᠠᠨ᠎ᠠ ᠪᠣᠰᠬᠠᠨ 83.1%᠎ ᠶᠢ ᠪᠡᠶᠡᠯᠡᠭᠦᠯᠪᠡ᠃ ᠵᠢᠱᠢᠯᠲᠡ ᠪᠠᠷ ᠲᠥᠷᠥᠯ ᠵᠦᠢᠯ ᠨᠢ ᠡᠨᠡ ᠵᠢᠯ ᠤᠨ ᠳᠣᠲᠣᠷ᠎ᠠ ᠪᠦᠬᠦ ᠪᠠᠭᠲᠠᠭᠠᠮᠵᠢ ᠪᠠᠷ ᠲᠣᠣᠷ ᠲᠤ ᠨᠡᠶᠢᠯᠡᠭᠦᠯᠬᠦ ᠶᠢ ᠪᠡᠶᠡᠯᠡᠭᠦᠯᠵᠦ᠂ ᠪᠠᠶᠢᠭᠤᠯᠵᠤ ᠳᠠᠭᠤᠰᠤᠭᠰᠠᠨ ᠤ ᠳᠠᠷᠠᠭ᠎ᠠ ᠡᠯᠡᠰᠦᠨ ᠤ ᠲᠠᠯᠠᠪᠠᠢ ᠶᠢ 10 ᠲᠦᠮᠡᠨ ᠮᠦ ᠰᠡᠷᠭᠦᠭᠡᠨ ᠵᠠᠰᠠᠵᠤ᠂ ᠵᠢᠯ ᠪᠦᠷᠢ ᠳᠤᠮᠳᠠᠴᠢ ᠪᠠᠷ 200 ᠲᠦᠮᠡᠨ ᠲᠣᠨ ᠬᠠᠲᠤᠨ ᠭᠤᠣᠯ ᠳᠤ ᠡᠯᠡᠰᠦ ᠣᠷᠣᠭᠤᠯᠬᠤ ᠠᠵᠢᠯ ᠢ ᠪᠠᠭᠠᠰᠬᠠᠵᠤ᠂ ᠵᠢᠯ ᠪᠦᠷᠢ ᠳᠤᠮᠳᠠᠴᠢ ᠪᠠᠷ 40 ᠳ᠋ᠦᠩᠰᠢᠭᠤᠷ ᠺᠢᠯᠣᠸᠠᠲ ᠴᠠᠭ ᠨᠣᠭᠤᠭᠠᠨ ᠴᠠᠬᠢᠯᠭᠠᠨ ᠬᠠᠩᠭᠠᠬᠤ ᠪᠣᠯᠤᠨ᠎ᠠ᠃
W020231027559524029115.jpg
ᠢᠷᠡᠯᠲᠡ᠄ ᠤᠷᠳᠤᠰ ᠬᠤᠲᠠ ᠶᠢᠨ ᠠᠷᠠᠳ ᠤᠨ ᠵᠠᠰᠠᠭ ᠤᠨ ᠤᠷᠲᠤᠨ