ᠦᠦᠰᠢᠨ ᠬᠤᠰᠢᠭᠤᠨ ᠤ ᠦᠦᠰᠢᠨᠵᠤᠤ ᠪᠠᠯᠭᠠᠰᠤ ᠶᠢᠨ ᠴᠠᠭᠠᠨᠨᠠᠭᠤᠷ
ᠨᠡᠶᠢᠲᠡᠯᠡᠭᠰᠡᠨ ᠴᠠᠭ᠄
2023/11/1
    ᠠᠶᠠᠨ ᠤ ᠰᠢᠪᠠᠭᠤᠳ ᠨᠡᠭᠦᠳᠡᠯᠯᠡᠭᠰᠡᠨ ᠠᠯᠳᠠᠨ ᠨᠠᠮᠤᠷ ᠤᠨ ᠰᠢᠷᠭᠠᠯ ᠤᠯᠠᠷᠢᠯ ᠳᠤ᠂ ᠦᠦᠰᠢᠨ ᠬᠤᠰᠢᠭᠤᠨ ᠤ ᠦᠦᠰᠢᠨᠵᠤᠤ ᠪᠠᠯᠭᠠᠰᠤ ᠶᠢᠨ ᠴᠠᠭᠠᠨᠨᠠᠭᠤᠷ ᠲᠤ ᠴᠠᠬᠤᠯᠠᠢ᠂ ᠬᠤᠨ ᠭᠠᠯᠠᠭᠤ ᠵᠡᠷᠭᠡ ᠠᠷᠪᠠ ᠭᠠᠷᠤᠢ ᠲᠥᠷᠥᠯ ᠤᠨ ᠤᠯᠤᠰ ᠤᠨ ᠨᠢᠭᠡᠳᠦᠭᠡᠷ᠂ ᠬᠤᠶᠠᠳᠤᠭᠠᠷ ᠲᠡᠰ ᠤᠨ ᠭᠤᠤᠯᠳᠠᠯᠭ᠎ᠠ ᠲᠠᠢ ᠬᠠᠮᠠᠭᠠᠯᠠᠯᠲᠠ ᠶᠢᠨ ᠰᠢᠪᠠᠭᠤᠳ ᠥᠷᠲᠡᠭᠡᠯᠡᠨ ᠪᠠᠭᠤᠵᠤ᠂ ᠡᠷᠬᠡ ᠴᠢᠯᠦᠭᠡᠲᠡᠢ ᠨᠢᠰᠴᠦ ᠪᠠᠶᠢᠯ᠎ᠠ᠃    ᠴᠠᠭᠠᠨᠨᠠᠭᠤᠷ ᠪᠤᠯ ᠠᠶᠠᠨ ᠤ ᠰᠢᠪᠠᠭᠤᠳ ᠤᠨ ᠨᠡᠭᠦᠳᠡᠯᠯᠡᠨ ᠪᠠᠭᠤᠬᠤ ᠴᠢᠬᠤᠯᠠ ᠥᠷᠲᠡᠭᠡ ᠪᠤᠯᠤᠨ᠎ᠠ᠃ ᠤᠶᠢᠷ᠎ᠠ ᠶᠢᠨ ᠵᠢᠯ ᠳᠤ ᠦᠦᠰᠢᠨᠵᠤᠤ ᠪᠠᠯᠭᠠᠰᠤ ᠴᠠᠭᠠᠨᠨᠠᠭᠤᠷ ᠤᠨ ᠬᠥᠪᠡᠭᠡ ᠳᠠᠭᠠᠤ ᠤᠷᠤᠨ ᠤ ᠠᠮᠢ ᠠᠬᠤᠢ ᠶᠢ ᠰᠡᠷᠭᠦᠭᠡᠵᠤ᠂ ᠨᠡᠭᠦᠳᠡᠯ ᠤᠨ ᠰᠢᠪᠠᠭᠤᠳ ᠲᠤ ᠬᠦᠷᠦᠯᠴᠡᠬᠦᠶᠢᠴᠡ ᠢᠳᠡᠰᠢ ᠬᠠᠩᠭᠠᠭᠰᠠᠨ ᠢᠶᠠᠷ ᠨᠡᠭᠦᠳᠡᠯ ᠤᠨ ᠰᠢᠪᠠᠭᠤᠳ ᠤᠨ ᠲᠤᠭ᠎ᠠ ᠵᠢᠯ ᠳᠠᠷᠠᠭᠠᠯᠠᠨ ᠨᠡᠮᠡᠭᠳᠡᠭᠰᠡᠨ ᠪᠠᠶᠢᠨ᠎ᠠ᠃
default2021-10-20-05e2e7e851-6b63-4097-8a5c-b2034374fe06.jpg
default2021-10-20-05f7bf8bee-6112-4f12-96fc-c336ceee552b.jpg
default2021-10-20-04628e61b2-b5be-4ba3-9108-3c414d93a03f.jpg
default2021-10-20-037658c34c-d6b7-498d-805f-a2c4316c37ad.jpg
default2021-10-20-041923c3e3-e037-4508-8916-beb85a27bb34.jpg
default2021-10-20-050db371db-d1ed-4054-93b1-63e186c18a37.jpg
default2021-10-20-0520f87869-28fc-42ed-bf0c-e027a0bf3aa2.jpg
ᠢᠷᠡᠯᠲᠡ᠄ ᠤᠷᠳᠤᠰ ᠤᠨ ᠡᠳᠦᠷ ᠤᠨ ᠰᠤᠨᠢᠨ