ᠦᠪᠡᠷᠲᠡᠭᠡᠨ ᠵᠠᠰᠠᠬᠤ ᠤᠷᠤᠨ ᠤ ᠤᠰᠤᠨ ᠠᠰᠢᠭᠯᠠᠯᠲᠠ ᠶᠢᠨ ᠲᠢᠩᠭᠢᠮ ᠠᠴᠠ ᠤᠶᠢᠯᠠᠭᠠᠭᠰᠠᠨ ᠢᠶᠠᠷ᠂ ᠡᠨᠡ ᠵᠢᠯ ᠤᠨ ᠲᠦᠷᠦᠬᠦᠤ ᠭᠤᠷᠪᠠᠨ ᠤᠯᠠᠷᠢᠯ ᠳᠤ ᠮᠠᠨ ᠤ | ᠣᠷᠣᠨ ᠨᠡᠶᠢᠲᠡ 135.64 ᠳ᠋ᠦᠩᠰᠢᠭᠤᠷ ᠲᠥᠭᠦᠷᠢᠭ ᠤᠨ ᠤᠰᠤᠨ ᠠᠰᠢᠭᠯᠠᠯᠲᠠ ᠶᠢᠨ ᠪᠡᠯᠡ ᠣᠷᠣᠭᠤᠯᠤᠯᠲᠠ ᠶᠢ ᠨᠠᠶᠢᠳᠠᠪᠤᠷᠢᠵᠢᠭᠤᠯᠵᠤ᠂ ᠣᠨ ᠤ | ᠲᠥᠯᠥᠪᠯᠡᠭᠡ ᠶᠢᠨ 67.8% ᠶᠢ ᠡᠵᠡᠯᠡᠨ᠂ ᠪᠡᠯᠡ ᠤᠷᠤᠭᠤᠯᠤᠯᠲᠠ ᠶᠢᠨ ᠬᠡᠮᠵᠢᠶ᠎ᠠ ᠨᠢ ᠨᠢᠳᠤᠨᠤᠨ ᠤ ᠪᠦᠬᠦ ᠵᠢᠯ ᠤᠨ ᠪᠡᠯᠡ ᠤᠷᠤᠭᠤᠯᠤᠯᠲᠠ ᠶᠢᠨ ᠶᠡᠷᠤᠩᠬᠡᠢ | ᠬᠡᠮᠵᠢᠶ᠎ᠠ ᠲᠠᠢ ᠦᠨᠳᠦᠰᠦᠨ ᠳᠡᠭᠡᠨ ᠲᠡᠩᠴᠡᠪᠠ᠃ | ᠤᠶᠢᠯᠠᠭᠠᠭᠰᠠᠨ ᠢᠶᠠᠷ᠂ ᠡᠨᠡ ᠵᠢᠯ ᠠᠴᠠ ᠨᠠᠭᠠᠰᠢ ᠮᠠᠨ ᠤ ᠤᠷᠤᠨ ᠲᠦᠪ ᠤᠨ ᠡᠳ᠋ ᠤᠨ ᠵᠠᠰᠠᠭ ᠤᠨ ᠪᠡᠯᠡ ᠣᠷᠣᠭᠤᠯᠤᠯᠲᠠ ᠶᠢ ᠴᠢᠷᠮᠠᠶᠢᠨ ᠣᠯᠬᠤ ᠶᠢᠨ ᠬᠠᠮᠲᠤ | ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠶ ᠵᠦᠢᠯ ᠤᠨ ᠵᠢᠭᠡᠯᠡᠯᠭᠡ ᠶᠢᠨ ᠲᠡᠮᠳᠡᠭᠲᠦ᠂ ᠲᠥᠷᠥ ᠶᠢᠨ ᠪᠣᠳᠣᠯᠭ᠎ᠠ ᠶᠢᠨ ᠴᠢᠨᠠᠷᠲᠠᠶ ᠨᠡᠭᠡᠭᠡᠯᠲᠡ ᠶᠢᠨ ᠴᠢᠨᠠᠷᠲᠠᠶ | ᠮᠥᠩᠭᠦᠨ ᠭᠦᠢᠯᠭᠡᠭᠡᠨ ᠤ ᠪᠠᠭᠠᠵᠢ᠂ ᠮᠥᠩᠭᠦᠨ ᠭᠦᠢᠯᠭᠡᠭᠡᠨ ᠤ ᠢᠲᠡᠭᠡᠮᠵᠢᠲᠦ ᠵᠢᠭᠡᠯᠡᠯᠭᠡ ᠪᠤᠯᠤᠨ ᠨᠡᠶᠢᠭᠡᠮ ᠤᠨ ᠬᠥᠷᠥᠩᠭᠡ ᠶᠢ ᠤᠰᠤᠨ ᠠᠰᠢᠭᠯᠠᠯᠲᠠ ᠶᠢᠨ ᠪᠦᠲᠦᠭᠡᠨ | ᠪᠠᠶᠢᠭᠤᠯᠤᠯᠲᠠ ᠳᠤ ᠣᠷᠣᠭᠤᠯᠬᠤ ᠪᠠᠷ ᠢᠳᠡᠪᠬᠢᠯᠡᠨ ᠴᠢᠷᠮᠠᠶᠢᠪᠠ᠃ 9 ᠰᠠᠷ᠎ᠠ ᠶᠢᠨ ᠰᠡᠭᠦᠯᠴᠢ ᠪᠣᠯᠲᠠᠯ᠎ᠠ᠂ ᠪᠦᠬᠦ ᠤᠷᠤᠨ ᠢᠶᠠᠷ ᠢᠶᠠᠨ ᠲᠥᠪ ᠤᠨ ᠪᠡᠯᠡ | ᠣᠷᠣᠭᠤᠯᠤᠯᠲᠠ ᠶᠢᠨ ᠲᠥᠯᠥᠪᠯᠡᠭᠡ ᠶᠢ ᠨᠡᠶᠢᠲᠡ 44.76 ᠳ᠋ᠦᠩᠰᠢᠭᠤᠷ ᠲᠥᠭᠦᠷᠢᠭ ᠨᠠᠶᠢᠳᠠᠪᠤᠷᠢᠵᠢᠭᠤᠯᠤᠨ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 5. | 2% ᠢᠶᠠᠷ ᠨᠡᠮᠡᠭᠳᠡᠵᠤ᠂ ᠥᠪᠡᠷᠲᠡᠭᠡᠨ ᠵᠠᠰᠠᠬᠤ ᠣᠷᠣᠨ ᠤ ᠲᠤᠰ ᠱᠠᠲᠤ ᠪᠣᠯᠤᠨ ᠠᠶᠢᠮᠠᠭ ᠬᠤᠲᠠ᠂ ᠬᠤᠰᠢᠭᠤ ᠰᠢᠶᠠᠨ ᠤ ᠤᠰᠤᠨ ᠠᠰᠢᠭᠯᠠᠯᠲᠠ ᠶᠢᠨ ᠪᠦᠲᠦᠭᠡᠨ | ᠪᠠᠶᠢᠭᠤᠯᠤᠯᠲᠠ ᠶᠢᠨ ᠪᠡᠯᠡ ᠮᠥᠩᠭᠦ ᠶᠢ ᠨᠡᠶᠢᠳᠡ 41.21 ᠳ᠋ᠦᠩᠰᠢᠭᠤᠷ ᠲᠥᠭᠦᠷᠢᠭ ᠨᠠᠶᠢᠳᠠᠪᠤᠷᠢᠵᠢᠭᠤᠯᠤᠨ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 34. | 9% ᠪᠠᠷ ᠨᠡᠮᠡᠭᠳᠡᠵᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠶ ᠵᠦᠢᠯ ᠤᠨ ᠵᠢᠭᠡᠯᠡᠯᠭᠡ ᠶᠢᠨ ᠲᠡᠮᠳᠡᠭᠲᠦ ᠪᠣᠯᠤᠨ ᠡᠩ ᠤᠨ ᠵᠢᠭᠡᠯᠡᠯᠭᠡ ᠶᠢᠨ | ᠲᠡᠮᠳᠡᠭᠲᠦ ᠶᠢ ᠨᠡᠶᠢᠳᠡ 27.32 ᠳ᠋ᠦᠩᠰᠢᠭᠤᠷ ᠲᠥᠭᠦᠷᠢᠭ ᠠᠰᠢᠭᠯᠠᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 47% ᠪᠠᠷ ᠨᠡᠮᠡᠭᠳᠡᠭᠰᠡᠨ ᠪᠠᠶᠢᠨ᠎ᠠ᠃ |