ᠥᠨᠥᠳᠥᠷ ᠠᠴᠠ ᠡᠬᠢᠯᠡᠨ ᠬᠡᠯᠳᠦᠷᠢᠭᠦᠯᠦᠨ᠎ᠡ
ᠨᠡᠶᠢᠲᠡᠯᠡᠭᠰᠡᠨ ᠴᠠᠭ᠄
2023/11/1
    10 ᠰᠠᠷ᠎ᠠ ᠶᠢᠨ 31 ᠤ ᠡᠳᠦᠷ᠂ ᠪᠤᠭᠤᠮᠳᠠ ᠶᠢᠨ ᠶᠡᠷᠦᠩᠬᠡᠢ ᠵᠠᠬᠢᠷᠭ᠎ᠠ ᠶᠢᠨ ᠮᠡᠳᠡᠭᠡ ᠶᠢ ᠦᠨᠳᠦᠰᠦᠯᠡᠪᠡᠯ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠯᠢ ᠶᠢᠨ ᠡᠷᠡᠭᠦᠯ ᠬᠠᠮᠠᠭᠠᠯᠠᠯ ᠤᠨ ᠬᠢᠵᠢᠭ ᠢ ᠪᠠᠶᠢᠴᠠᠭᠠᠬᠤ ᠬᠠᠤᠯᠢ︾ ᠵᠢᠴᠢ ᠲᠡᠭᠦᠨ ᠤ ᠬᠡᠷᠡᠭᠵᠢᠭᠦᠯᠬᠦ ᠨᠠᠷᠢᠨ ᠳᠥᠷᠢᠮ ᠤᠨ ᠬᠤᠯᠪᠤᠭᠳᠠᠯ ᠪᠦᠬᠦᠢ ᠲᠤᠭᠲᠠᠭᠠᠯ ᠢ ᠦᠨᠳᠦᠰᠦᠯᠡᠨ᠂ ᠪᠤᠭᠤᠮᠳᠠ ᠶᠢᠨ ᠶᠡᠷᠦᠩᠬᠡᠢ ᠵᠠᠬᠢᠷᠭ᠎ᠠ ᠠᠴᠠ 2023 ᠤᠨ ᠤ 11 ᠰᠠᠷ᠎ᠠ ᠶᠢᠨ 1 ᠤ ᠡᠳᠦᠷ ᠤᠨ ᠲᠡᠩ ᠴᠠᠭ ᠠᠴᠠ ᠡᠬᠢᠯᠡᠨ᠂ ᠬᠢᠯᠢ ᠪᠠᠷ ᠤᠷᠤᠵᠤ ᠭᠠᠷᠬᠤ ᠬᠦᠮᠦᠰ ᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠯᠢ ᠪᠠᠷ ᠤᠷᠤᠵᠤ ᠭᠠᠷᠬᠤ ᠡᠷᠡᠭᠦᠯ ᠮᠡᠨᠳᠦ ᠶᠢᠨ ᠳᠤᠳᠤᠷᠬᠠᠶᠢᠯᠠᠯᠲᠠ ᠶᠢᠨ ᠺᠠᠷᠲ︾  ᠶᠢ ᠲᠠᠭᠯᠠᠬᠤ ᠠᠴᠠ ᠬᠡᠯᠳᠦᠷᠢᠭᠦᠯᠬᠦ ᠪᠠᠷ ᠲᠤᠭᠲᠠᠪᠠ᠃
ᠢᠷᠡᠯᠲᠡ᠄ ᠤᠷᠳᠤᠰ ᠬᠤᠲᠠ ᠶᠢᠨ ᠬᠠᠮ ᠵᠠᠭᠤᠴᠢᠯᠠᠭᠤᠷ ᠤᠨ ᠲᠥᠪ