ᠲᠦᠡᠭᠴᠤᠸᠠᠨ ᠪᠠᠯᠭᠠᠰᠤ ᠨᠠᠮ ᠤᠨ ᠪᠠᠶᠢᠭᠤᠯᠤᠯᠳᠡ ᠪᠠᠷ ᠠᠵᠤ ᠦᠢᠯᠡᠰ ᠤᠨ ᠭᠦᠭᠵᠢᠯᠳᠡ ᠶᠢ ᠲᠠᠶᠢᠴᠢᠯᠡᠨ᠎ᠠ
ᠨᠡᠶᠢᠲᠡᠯᠡᠭᠰᠡᠨ ᠴᠠᠭ᠄
2023/11/1
    ︽ᠡᠨᠡ ᠵᠢᠯ ᠪᠢ 30 ᠭᠠᠷᠤᠢ ᠮᠦ ᠡᠷᠳᠡᠨᠢ ᠰᠢᠰᠢ ᠳᠠᠷᠢᠵᠠᠢ᠂ ᠵᠢᠱᠢᠯᠲᠡ ᠪᠠᠷ ᠮᠦ ᠪᠦᠷᠢ ᠶᠢᠨ ᠤᠨᠠᠯᠲᠠ 3.5 ᠲᠣᠨ ᠣᠷᠴᠢᠮ ᠪᠠᠶᠢᠵᠤ᠂ ᠬᠤᠷᠢᠶᠠᠯᠲᠠ ᠣᠨᠴᠠᠭᠠᠢ ᠰᠠᠶᠢᠨ᠂ ᠤᠳᠤ ᠶᠢᠨ ᠣᠷᠣᠯᠭ᠎ᠠ ᠴᠤ ᠥᠩᠭᠡᠷᠡᠭᠰᠡᠨ ᠤ ᠬᠢ ᠠᠴᠠ ᠨᠠᠯᠢᠶᠠᠳ ᠦᠨᠳᠦᠷ ᠪᠣᠯᠵᠠᠢ︾ ᠭᠡᠵᠦ  ᠳ᠋ᠦᠩᠱᠧᠩ ᠳᠤᠭᠤᠷᠢᠭ ᠤᠨ ᠲᠦᠩᠴᠤᠸᠠᠨ ᠪᠠᠯᠭᠠᠰᠤᠨ ᠤ ᠳᠡᠷᠡᠰᠦᠲᠦ ᠶᠢᠨ ᠲᠠᠯ᠎ᠠ ᠲᠣᠰᠬᠤᠨ ᠤ ᠠᠷᠠᠳ ᠸᠠᠩ ᠰᠠᠨ ᠴᠢ ᠶᠠᠷᠢᠨ᠎ᠠ᠃ ᠣᠶᠢᠷ᠎ᠠ ᠶᠢᠨ ᠵᠢᠯ ᠤᠳ ᠠᠴᠠ᠂ ᠲᠦᠩᠴᠤᠸᠠᠨ ᠪᠠᠯᠭᠠᠰᠤᠨ ᠤ ᠬᠢᠨ ᠨᠠᠮ ᠤᠨ ᠪᠠᠶᠢᠭᠤᠯᠤᠯᠲᠠ ᠪᠠᠷ ᠠᠵᠤ ᠦᠢᠯᠡᠰ ᠤᠨ ᠬᠥᠭᠵᠢᠯᠲᠡ ᠶᠢ ᠲᠠᠶᠢᠴᠢᠯᠠᠬᠤ ᠶᠢ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠶᠢᠨ ᠵᠢᠯᠣᠭᠤᠳᠤᠯᠭ᠎ᠠ ᠳᠤ ᠲᠦᠰᠢᠭᠯᠡᠨ᠂ ᠤᠨᠴᠠᠯᠢᠬᠳᠤ ᠲᠠᠪᠠᠭᠤᠯᠢᠭ ᠠᠵᠤ ᠦᠢᠯᠡᠰ ᠢ ᠭᠦᠭᠵᠢᠭᠦᠯᠦᠨ᠂ ︽ᠲᠣᠰᠬᠤᠨ ᠤ ᠨᠠᠮ ᠤᠨ ᠡᠭᠦᠷ + ᠲᠤᠰᠬᠠᠢ ᠬᠤᠷᠰᠢᠶᠡᠵᠢᠯ + ᠲᠠᠷᠢᠶᠠᠴᠢᠨ ᠡᠷᠦᠬᠡ︾  ᠶᠢᠨ ᠵᠣᠬᠢᠶᠠᠨ ᠪᠠᠶᠢᠭᠤᠯᠤᠯᠲᠠ ᠶᠢᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠣᠰᠬᠤᠨ ᠤ ᠠᠷᠠᠳ ᠤᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢᠪᠴᠤᠤ᠂ ᠬᠥᠭᠵᠢᠯᠲᠡ ᠶᠢᠨ ᠰᠠᠭᠤᠷᠢ ᠨᠢᠮᠭᠡᠨ ᠬᠦᠯᠢᠶᠡᠰᠦᠯᠡᠯ ᠢ ᠠᠷᠢᠯᠭᠠᠵᠤ᠂ ︽ᠭᠠᠵᠠᠷ ᠰᠢᠷᠣᠢ ᠶᠢ ᠡᠮᠬᠢᠯᠡᠨ ᠨᠡᠶᠢᠯᠡᠭᠦᠯᠵᠦ ᠭᠦᠭᠵᠢᠯᠳᠡ ᠶᠢ ᠡᠷᠢᠯᠬᠢᠯᠡᠬᠦ᠂ ᠨᠢᠭᠡᠳᠦᠯᠲᠡᠢ ᠳᠠᠷᠢᠵᠤ ᠨᠢᠭᠡᠳᠦᠯᠲᠡᠢ ᠬᠤᠷᠢᠶᠠᠵᠤ ᠦᠷ᠎ᠡ ᠠᠰᠢᠭ ᠢ ᠬᠥᠭᠡᠭᠡᠴᠡᠯᠳᠦᠬᠦ᠂ ᠬᠠᠮᠲᠤ ᠪᠠᠷ ᠢᠶᠠᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠪᠠᠷ ᠴᠢᠷᠮᠠᠶᠢᠬᠤ︾ ᠰᠢᠨ᠎ᠡ ᠵᠠᠮ ᠢᠶᠠᠷ ᠵᠠᠮᠨᠠᠵᠤ᠂ ᠬᠠᠮᠲᠤ ᠪᠠᠷ ᠴᠢᠨᠡᠭᠡᠯᠢᠭᠵᠢᠬᠦ ᠰᠢᠨ᠎ᠡ ᠵᠢᠷᠤᠭ ᠲᠥᠰᠥᠪ ᠢ ᠵᠢᠷᠤᠭᠯᠠᠵᠤ ᠪᠠᠶᠢᠨ᠎ᠠ᠃    ᠣᠶᠢᠯᠭᠠᠭᠰᠠᠨ ᠢᠶᠠᠷ᠂ 2021 ᠣᠨ ᠠᠴᠠ ᠡᠬᠢᠯᠡᠨ᠂ ᠲᠦᠩᠴᠤᠸᠠᠨ ᠪᠠᠯᠭᠠᠰᠤᠨ ᠤ ᠨᠠᠮ ᠤᠨ ᠬᠤᠷᠢᠶ᠎ᠠ ᠨᠠᠮ ᠤᠨ ᠪᠠᠶᠢᠭᠤᠯᠤᠯᠲᠠ ᠶᠢᠨ ᠵᠢᠯᠣᠭᠤᠳᠤᠯᠭ᠎ᠠ ᠪᠠᠷ ᠭᠠᠷᠳᠠᠴᠠ ᠪᠣᠯᠭᠠᠬᠤ ᠶᠢ ᠪᠠᠷᠢᠮᠲᠠᠯᠠᠵᠤ᠂ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠪᠠᠷ ᠭᠤᠣᠯᠳᠠᠯᠭ᠎ᠠ ᠪᠣᠯᠭᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ᠂ ᠲᠣᠰᠬᠤᠨ ᠤ ᠠᠷᠠᠳ ᠤᠨ ᠭᠠᠵᠠᠷ ᠰᠢᠷᠣᠢ ᠶᠢᠨ ᠡᠵᠡᠩᠨᠡᠯᠳᠡ ᠶᠢᠨ ᠡᠷᠬᠡ ᠪᠠᠨ ᠰᠢᠯᠵᠢᠭᠦᠯᠭᠦ ᠪᠠᠷ ᠲᠡᠮᠵᠢᠭᠤᠯᠤᠨ ᠲᠤᠰᠬᠠᠢ ᠬᠤᠷᠰᠢᠶᠡᠵᠢᠯ ᠳᠤ ᠬᠤᠪᠢ ᠣᠷᠣᠭᠤᠯᠬᠤ ᠶᠢ ᠵᠣᠷᠢᠭᠵᠢᠭᠤᠯᠵᠤ᠂ ᠣᠳᠣᠬᠠᠨ ᠳᠤ ᠳᠡᠷᠡᠰᠦᠲᠦ ᠶᠢᠨ ᠲᠠᠯ᠎ᠠ ᠲᠣᠰᠬᠤᠨ ᠤ 3 ᠲᠣᠰᠬᠤᠨ ᠤ ᠠᠷᠠᠳ ᠤᠨ ᠳᠤᠭᠤᠶᠢᠯᠠᠩ ᠤᠨ 315 ᠡᠷᠦᠬᠡ ᠲᠣᠰᠬᠤᠨ ᠤ ᠠᠷᠠᠳ ᠤᠨ 2835 ᠮᠦ ᠲᠠᠷᠢᠶᠠᠨ ᠭᠠᠵᠠᠷ ᠢ ᠲᠥᠪᠯᠡᠷᠡᠭᠦᠯᠦᠨ ᠡᠷᠭᠢᠯᠲᠡ ᠳᠤ ᠣᠷᠣᠭᠤᠯᠵᠤ᠂ ᠡᠭᠦᠨ ᠤ ᠬᠠᠮᠲᠤ ᠣᠯᠠᠨ ᠲᠠᠯ᠎ᠠ ᠠᠴᠠ 85 ᠲᠦᠮᠡᠨ ᠲᠥᠭᠦᠷᠢᠭ ᠤᠨ ᠲᠤᠰᠬᠠᠢ ᠪᠡᠯᠡ ᠮᠥᠩᠭᠦ ᠬᠤᠪᠢᠳᠡᠨ ᠤᠯᠵᠤ᠂ 2835 ᠮᠦ ︽ᠠᠯᠠᠭᠠᠨ ᠲᠠᠷᠢᠶ᠎ᠠ︾᠂ ᠠᠲᠠᠷᠰᠢᠭᠤᠯᠤᠭᠰᠠᠨ ᠲᠠᠷᠠᠬᠠᠢ ᠪᠤᠳᠠᠷᠬᠠᠢ ᠭᠠᠵᠠᠷ ᠢ ᠲᠥᠪᠯᠡᠷᠡᠭᠦᠯᠦᠨ ᠥᠭᠡᠷᠡᠴᠢᠯᠡᠬᠦ ᠳᠡᠭᠡᠨ 4043 ᠮᠦ ᠶᠢ ᠨᠢ ᠴᠢᠨᠡᠷ ᠰᠠᠶᠢᠳᠡᠢ ᠲᠠᠷᠢᠶᠠᠨ ᠭᠠᠵᠠᠷ ᠪᠣᠯᠭᠠᠨ ᠬᠤᠪᠢᠷᠠᠭᠤᠯᠵᠤ᠂ ᠳᠤᠰᠤᠯᠭᠠᠨ ᠤᠰᠤᠯᠠᠬᠤ ᠪᠦᠰᠡ ᠶᠢ 280 ᠲᠦᠮᠡᠨ ᠮᠧᠲᠷ ᠳᠡᠪᠢᠰᠴᠦ᠂ 3 ᠬᠤᠳᠳᠤᠭ ᠮᠠᠯᠳᠠᠵᠤ᠂ 9 ᠰᠠᠭᠤᠷᠢ ᠬᠦᠴᠦᠳᠡᠯ ᠥᠭᠡᠷᠡᠴᠢᠯᠡᠭᠴᠢ ᠤᠭᠰᠠᠷᠠᠵᠤ᠂ ᠲᠠᠷᠢᠵᠤ ᠪᠣᠯᠬᠤ ᠲᠠᠯᠠᠪᠠᠢ ᠶᠢ 42.6 % ᠪᠠᠷ ᠨᠡᠮᠡᠭᠳᠡᠭᠦᠯᠵᠦ᠂ ᠮᠦ ᠪᠦᠷᠢ ᠶᠢᠨ ᠠᠮᠤ ᠪᠤᠳᠠᠭᠠᠨ ᠤ ᠳᠤᠮᠳᠠᠴᠢ ᠤᠨᠠᠯᠲᠠ ᠶᠢ 22 % ᠪᠠᠷ ᠨᠡᠮᠡᠭᠳᠡᠭᠦᠯᠦᠨ᠂ ᠤᠰᠤ ᠠᠷᠪᠢᠯᠠᠬᠤ ᠠᠰᠢᠭᠯᠠᠯᠲᠠ ᠶᠢᠨ ᠨᠤᠷᠮ᠎ᠠ ᠶᠢ 70 % ᠪᠠᠷ ᠳᠡᠭᠡᠭᠰᠢᠯᠡᠭᠦᠯᠵᠦ᠂ ᠴᠠᠬᠢᠯᠭᠠᠨ ᠢ 30 % ᠪᠠᠷ ᠠᠷᠪᠢᠯᠠᠵᠤ᠂ ᠲᠠᠷᠢᠶᠡᠨ ᠡᠮ ᠬᠡᠷᠡᠭᠯᠡᠬᠦ᠂ ᠡᠪᠡᠰᠦ ᠠᠷᠢᠯᠭᠠᠬᠤ ᠵᠡᠷᠭᠡ ᠬᠥᠮᠥᠨ ᠤ ᠬᠦᠴᠦᠨ ᠤ ᠥᠪᠡᠷ ᠤᠨ ᠦᠷᠳᠡᠭ ᠢ 70 % ᠪᠠᠷ ᠪᠠᠭᠤᠷᠠᠭᠤᠯᠪᠠ᠂ ᠡᠭᠦᠨ ᠠᠴᠠ ᠭᠠᠳᠠᠨ᠎ᠠ᠂ ᠮᠠᠰᠢᠨ ᠢᠶᠠᠷ ᠠᠵᠢᠯᠯᠠᠬᠤ ᠳᠤ ᠲᠦᠭᠦᠮ ᠦᠵᠡᠭᠦᠯᠦᠨ᠂ ᠦᠢᠯᠡᠳᠪᠦᠷᠢᠯᠡᠯ ᠤᠨ ᠨᠥᠬᠦᠴᠡᠯ ᠢ ᠢᠯᠡᠳᠲᠡ ᠰᠠᠶᠢᠵᠢᠷᠠᠭᠤᠯᠪᠠ᠃     ᠲᠦᠩᠴᠤᠸᠠᠨ ᠪᠠᠯᠭᠠᠰᠤᠨ ᠤ ᠨᠠᠮ ᠤᠨ ᠬᠤᠷᠢᠶ᠎ᠠ ᠬᠤᠪᠧᠢ᠂ ᠱᠠᠨᠳᠦ᠋ᠩ ᠵᠡᠷᠭᠡ ᠭᠠᠵᠠᠷ ᠤᠨ ᠲᠠᠷᠢᠶᠡᠨ ᠭᠠᠵᠠᠷ ᠢ ᠠᠰᠢᠬᠯᠠᠵᠤ ᠬᠠᠮᠢᠶᠠᠷᠤᠬᠰᠡᠨ ᠠᠮᠵᠢᠯᠳᠡ ᠲᠠᠢ ᠲᠤᠷᠰᠢᠯᠭ᠎ᠠ ᠶᠢ ᠰᠤᠷᠤᠯᠴᠠᠭᠰᠠᠨ ᠤ ᠳᠠᠷᠠᠭ᠎ᠠ᠂ ᠣᠷᠣᠯᠠᠨ ᠳᠠᠷᠢᠵᠤ᠂ ᠣᠷᠣᠯᠠᠨ ᠬᠠᠮᠢᠶᠠᠷᠴᠤ ᠣᠷᠣᠯᠠᠨ ᠬᠤᠷᠢᠶᠠᠬᠤ᠂ ᠪᠥᠬᠦ ᠶᠠᠪᠤᠴᠠ ᠶᠢ ᠨᠠᠶᠢᠳᠠᠨ ᠬᠠᠮᠢᠶᠠᠷᠤᠭᠤᠯᠬᠤ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡ ᠶᠢ ᠥᠷᠨᠢᠭᠦᠯᠪᠡ᠃ ᠣᠷᠳᠣᠰ ᠤᠨ ᠮᠸᠡᠭ ᠴᠦᠨ ᠰᠦ ᠶᠢᠨ ᠦᠢᠯᠡᠰ ᠤᠨ ᠺᠤᠮᠫᠠᠨᠢ ᠲᠠᠢ ᠢᠳᠡᠪᠬᠢᠲᠡᠢ ᠪᠠᠷ ᠵᠣᠯᠭᠠᠭᠤᠯᠵᠤ᠂ ︽ᠵᠠᠬᠢᠶᠠᠯᠠᠭ᠎ᠠ ᠪᠠᠷ ᠦᠢᠯᠡᠳᠪᠦᠷᠢᠯᠡᠬᠦ᠂ ᠴᠢᠨᠠᠷ ᠰᠠᠶᠢᠲᠠᠢ ᠳᠤᠨᠢ ᠥᠨᠳᠥᠷ ᠦᠨ᠎ᠡ ᠲᠠᠢ ᠪᠠᠶᠢᠯᠭᠠᠬᠤ᠂ ᠦᠨᠳᠦᠰᠦᠨ ᠵᠦᠢᠯ ᠢ ᠪᠠᠲᠤᠯᠠᠬᠤ︾ ᠠᠰᠢᠭ ᠲᠤᠰᠠ ᠶᠢᠨ ᠬᠤᠯᠪᠤᠭᠠᠳᠤ ᠲᠤᠬᠳᠠᠴᠡ ᠶᠢ ᠪᠠᠶᠢᠭᠤᠯᠵᠤ᠂ ᠲᠠᠷᠢᠶᠡᠯᠠᠩ ᠤᠨ ᠪᠦᠳᠦᠭᠡᠭᠳᠡᠭᠦᠨ ᠤ ᠪᠤᠷᠤᠯᠠᠭᠤᠯᠭ᠎ᠠ ᠶᠢᠨ ᠵᠠᠮ ᠮᠦᠷ ᠢ ᠰᠢᠯᠤᠭᠤᠳᠬᠠᠪᠡ᠃ ᠡᠭᠦᠨ ᠤ ᠬᠠᠮᠲᠤ᠂ ᠳᠡᠭᠡᠳᠦ ᠱᠠᠲᠤᠨ ᠤ ᠪᠡᠯᠡ ᠮᠥᠩᠭᠦ ᠶᠢ 600 ᠲᠦᠮᠡᠨ ᠲᠥᠭᠦᠷᠢᠭ ᠣᠯᠬᠤ ᠪᠠᠷ ᠴᠢᠷᠮᠠᠶᠢᠵᠤ᠂ ᠵᠢᠯ ᠳᠤ ᠡᠭᠡᠭᠦᠯᠦᠨ ᠬᠤᠷᠢᠶᠠᠵᠤ ᠪᠣᠯᠬᠤ ᠬᠠᠶᠠᠭᠳᠠᠮᠠᠯ ᠬᠠᠭᠤᠴᠢᠨ ᠰᠦᠯᠢᠶᠥᠦ ᠶᠢ 2100 ᠲᠣᠨ ᠳᠤ ᠬᠦᠷᠭᠡᠬᠦ᠂ 720 ᠲᠣᠨ ᠳᠤᠰᠤᠯᠭᠠᠨ ᠤᠰᠤᠯᠠᠬᠤ ᠪᠦᠰᠡ ᠶᠢ ᠡᠭᠡᠭᠦᠯᠦᠨ ᠬᠤᠷᠢᠶᠠᠵᠤ ᠡᠷᠭᠢᠯᠳᠦᠭᠦᠯᠦᠨ ᠠᠰᠢᠭᠯᠠᠬᠤ ᠵᠢᠴᠢ ᠦᠢᠯᠡᠳᠪᠦᠷᠢᠯᠡᠵᠦ ᠡᠳ᠋ᠰᠢᠭᠦᠯᠬᠦ ᠲᠥᠷᠥᠯ ᠵᠦᠢᠯ ᠢ ᠪᠡᠯᠡ ᠣᠷᠣᠭᠤᠯᠤᠨ ᠪᠦᠲᠦᠭᠡᠨ ᠪᠠᠶᠢᠭᠤᠯᠵᠤ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢ ᠵᠢᠯ ᠪᠦᠷᠢ ᠪᠠᠷᠤᠭ 50 ᠳᠦᠮᠡᠨ ᠳᠦᠬᠦᠷᠢᠭ ᠨᠡᠮᠡᠭᠳᠡᠭᠦᠯᠬᠦ ᠪᠠᠷ ᠴᠢᠷᠮᠠᠶᠢᠵᠦ ᠪᠠᠶᠢᠨ᠎ᠠ᠃
ᠢᠷᠡᠯᠲᠡ᠄ ᠤᠷᠳᠤᠰ ᠤᠨ ᠡᠳᠤᠷ ᠤᠨ ᠰᠤᠨᠢᠨ