ᠣᠲᠤᠭ ᠤᠨ ᠡᠮᠦᠨᠡᠲᠦ ᠬᠤᠰᠢᠭᠤᠨ ᠤ ᠨᠡᠭᠦᠷᠡᠰᠦ ᠳᠡᠭᠡᠭᠡᠪᠦᠷᠢᠯᠡᠬᠦ ᠲᠤᠰᠬᠠᠢ ᠱᠤᠭᠤᠮ ᠤᠨ ᠪᠠᠷᠢᠯᠭ᠎ᠠ ᠶᠢᠨ ᠠᠵᠢᠯ ᠠᠬᠢᠴᠠ ᠲᠠᠢ ᠪᠠᠶᠢᠨ᠎ᠠ
ᠨᠡᠶᠢᠲᠡᠯᠡᠭᠰᠡᠨ ᠴᠠᠭ᠄
2023/11/10
   ᠣᠲᠤᠭ ᠤᠨ ᠡᠮᠦᠨᠡᠲᠦ ᠬᠤᠰᠢᠭᠤᠨ ᠤ ᠱᠠᠩᠬᠠᠢ ᠶᠢᠨ ᠰᠦᠮ᠎ᠡ ᠠᠵᠤ ᠠᠬᠤᠢ ᠶᠢᠨ ᠨᠡᠭᠡᠭᠡᠯᠲᠡ ᠶᠢᠨ ᠤᠷᠤᠨ ᠳᠠᠬᠢ ᠴᠠᠩ ᠴᠧᠩ ᠴᠠᠬᠢᠯᠭᠠᠨ ᠦᠢᠯᠡᠳᠪᠦᠷᠢ ᠶᠢᠨ ᠨᠡᠭᠦᠷᠡᠰᠦ ᠵᠥᠭᠡᠭᠡᠪᠦᠷᠢᠯᠡᠬᠦ ᠲᠡᠮᠦᠷ ᠵᠠᠮ ᠤᠨ ᠲᠤᠰᠬᠠᠢ ᠱᠤᠭᠤᠮ ᠤᠨ ᠪᠠᠷᠢᠯᠭ᠎ᠠ ᠶᠢᠨ ᠭᠠᠵᠠᠷ ᠲᠤ ᠪᠠᠷᠢᠯᠭ᠎ᠠ ᠶᠢᠨ ᠮᠠᠰᠢᠨ ᠮᠧᠬᠠᠨᠢᠭ ᠶᠠᠭᠠᠷᠠᠯᠲᠠᠢ ᠠᠵᠢᠯᠯᠠᠵᠤ᠂ ᠰᠢᠷᠤᠢ ᠤᠬᠤᠬᠤ ᠮᠠᠰᠢᠨ᠂ ᠬᠦᠨᠳᠦ ᠬᠡᠯᠪᠡᠷᠢ ᠶᠢᠨ ᠠᠴᠢᠶᠠᠨ ᠤ ᠮᠠᠰᠢᠨ ᠰᠦᠯᠵᠢᠯᠳᠦᠨ᠂ ᠠᠵᠢᠯᠴᠢᠳ ᠠᠵᠢᠯ ᠤᠨ ᠬᠤᠪᠢᠶᠠᠷᠢᠯᠠᠯ ᠲᠤᠳᠤᠷᠬᠠᠢ᠂ ᠪᠦᠬᠦ ᠰᠡᠳᠬᠢᠯ ᠪᠦᠬᠦ ᠵᠤᠷᠢᠭ ᠢᠶᠠᠷ ᠢᠶᠠᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠳᠠ ᠳᠤ ᠤᠷᠤᠯᠴᠠᠵᠤ᠂ ᠪᠠᠷᠢᠯᠭ᠎ᠠ ᠶᠢᠨ ᠭᠠᠵᠠᠷ ᠤᠨ ᠬᠥᠭᠵᠢᠶᠡᠨ ᠨᠠᠷᠬᠢᠶᠠᠨ ᠢ ᠢᠯᠡᠷᠡᠭᠦᠯᠦᠨ᠎ᠡ᠃
微信图片_20231110104305.png
   10 ᠰᠠᠷ᠎ᠠ ᠶᠢᠨ 28 ᠤ ᠡᠳᠦᠷ᠂ ᠳᠤᠮᠳᠠᠳᠤ ᠤᠯᠤᠰ ᠤᠨ ᠲᠡᠮᠦᠷ ᠵᠠᠮ ᠤᠨ ᠳᠥᠷᠪᠡᠳᠦᠭᠡᠷ ᠲᠤᠪᠴᠢᠶ᠎ᠡ ᠠᠴᠠ ᠳᠠᠭᠠᠭᠠᠴᠢᠯᠠᠨ ᠪᠠᠶᠢᠭᠤᠯᠤᠭᠰᠠᠨ ᠴᠠᠩ ᠴᠧᠩ ᠴᠠᠬᠢᠯᠭᠠᠨ ᠦᠢᠯᠡᠳᠪᠦᠷᠢ ᠶᠢᠨ ᠨᠡᠭᠦᠷᠡᠰᠦ ᠳᠡᠭᠡᠭᠡᠪᠦᠷᠢᠯᠡᠬᠦ ᠲᠡᠮᠦᠷ ᠵᠠᠮ ᠤᠨ ᠲᠤᠰᠬᠠᠢ ᠰᠤᠭᠤᠮ ᠤᠨ ᠲᠥᠷᠥᠯ ᠵᠦᠢᠯ ᠨᠢ 26 ᠴᠠᠭ ᠤᠨ ᠰᠢᠷᠭᠠᠭᠤ ᠠᠵᠢᠯᠯᠠᠬᠤ ᠪᠠᠷ ᠳᠡᠮᠵᠢᠨ᠂ 2— 14m ᠬᠦᠭᠦᠷᠭᠡ  ᠶᠢᠨ ᠭᠤᠤᠯ ᠴᠤᠭᠴᠠ ᠶᠢᠨ ᠪᠠᠷᠢᠯᠭ᠎ᠠ ᠶᠢᠨ ᠠᠵᠢᠯ ᠢ ᠳᠠᠭᠤᠰᠬᠠᠵᠤ᠂ ᠨᠢᠭᠡ ᠯᠡ ᠤᠳᠠᠭ᠎ᠠ ᠳᠤ 687 ᠳᠡᠭᠰᠢ ᠳᠥᠷᠪᠡᠯᠵᠢᠨ ᠪᠧᠲ᠋ᠤᠨ ᠢ ᠴᠢᠳᠬᠤᠵᠤ᠂ ᠴᠠᠩ ᠴᠧᠩ ᠴᠠᠬᠢᠯᠭᠠᠨ ᠦᠢᠯᠡᠳᠪᠦᠷᠢ ᠶᠢᠨ ᠲᠡᠮᠦᠷ ᠵᠠᠮ ᠤᠨ ᠲᠤᠰᠬᠠᠢ ᠱᠤᠭᠤᠮ ᠤᠨ ᠬᠠᠮᠤᠭ ᠤᠨ ᠶᠡᠭᠡ ᠳᠠᠩ ᠪᠡᠶᠡᠲᠦ ᠪᠦᠲᠦᠴᠡ ᠲᠠᠢ ᠭᠤᠤᠯ ᠴᠤᠭᠴᠠ ᠶᠢᠨ ᠪᠠᠷᠢᠯᠭ᠎ᠠ ᠶᠢᠨ ᠠᠵᠢᠯ ᠢ ᠳᠠᠭᠤᠰᠬᠠᠬᠤ ᠶᠢᠨ ᠬᠠᠮᠳᠤ᠂ ᠪᠦᠬᠦ ᠱᠤᠭᠤᠮ ᠢ ᠨᠡᠪᠲᠡᠷᠡᠬᠦᠯᠬᠦ ᠳᠤ ᠰᠠᠭᠤᠷᠢ ᠲᠠᠯᠪᠢᠵᠤ ᠥᠭᠴᠡᠢ᠃
微信图片_20231110104352.png
   ᠣᠶᠢᠯᠭᠠᠭᠰᠠᠨ ᠢᠶᠠᠷ᠂ ᠴᠠᠩ ᠴᠧᠩ ᠴᠠᠬᠢᠯᠭᠠᠨ ᠦᠢᠯᠡᠳᠪᠦᠷᠢ ᠶᠢᠨ ᠨᠡᠭᠦᠷᠡᠰᠦ ᠵᠥᠭᠡᠭᠡᠪᠦᠷᠢᠯᠡᠬᠦ ᠲᠡᠮᠦᠷ ᠵᠠᠮ ᠤᠨ ᠲᠤᠰᠬᠠᠢ ᠱᠤᠭᠤᠮ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠳᠠ ᠶᠢᠨ ᠪᠡᠶᠡᠴᠢ ᠴᠤᠭᠴᠠ ᠨᠢ ᠥᠪᠥᠷ ᠮᠣᠩᠭᠤᠯ ᠤᠨ ᠴᠠᠩ ᠴᠧᠩ ᠴᠠᠬᠢᠯᠭᠠᠨ ᠭᠠᠷᠭᠠᠬᠤ ᠬᠢᠵᠠᠭᠠᠷᠲᠤ ᠺᠤᠮᠫᠠᠨᠢ ᠪᠠᠶᠢᠵᠤ᠂ ᠵᠠᠮ ᠱᠤᠭᠤᠮ  ᠤᠨ ᠪᠦᠬᠦ ᠤᠷᠲᠤ ᠨᠢ 2.8 ᠺᠢᠯᠥᠮᠧᠲᠷ ᠪᠤᠯᠤᠨ᠎ᠠ᠃ ᠡᠨᠡ ᠬᠦ ᠲᠡᠮᠦᠷ ᠵᠠᠮ ᠤᠨ ᠲᠡᠭᠡᠭᠡᠪᠦᠷᠢ ᠶᠢᠨ ᠬᠡᠮᠵᠢᠶ᠎ᠡ ᠨᠢ ᠵᠢᠯ ᠳᠤ 500 ᠲᠦᠮᠡᠨ ᠲᠤᠨ᠂ ᠶᠡᠷᠦᠩᠬᠡᠢ ᠪᠡᠯᠡ ᠤᠷᠤᠭᠤᠯᠤᠯᠳᠠ ᠨᠢ 1.61  ᠳ᠋ᠦᠩᠰᠢᠭᠤᠷ ᠲᠥᠭᠦᠷᠢᠭ ᠪᠠᠶᠢᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠤᠷᠤᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠲᠡᠮᠦᠷ ᠵᠠᠮ ᠤᠨ ᠲᠤᠰᠬᠠᠢ ᠱᠤᠭᠤᠮ ᠤᠨ ᠬᠡᠷᠡᠭᠡᠵᠢᠭᠦᠯᠬᠦ ᠲᠦᠰᠦᠯ︾ ᠳᠤ ᠤᠷᠤᠭᠤᠯᠤᠭᠰᠠᠨ ᠪᠠᠶᠢᠨ᠎ᠠ᠃
微信图片_20231110104356.png
    ᠲᠤᠰ ᠲᠥᠷᠥᠯ ᠵᠦᠢᠯ ᠠᠰᠢᠭᠯᠠᠯᠳᠠ ᠳᠤ ᠤᠷᠤᠭᠰᠠᠨ ᠤ ᠳᠠᠷᠠᠭ᠎ᠠ᠂ ᠨᠡᠭᠦᠷᠡᠰᠦᠨ ᠠᠭᠤᠷᠬᠠᠢ ᠠᠴᠠ ᠴᠠᠬᠢᠯᠭᠠᠨ ᠦᠢᠯᠡᠳᠪᠦᠷᠢ ᠬᠦᠷᠲᠡᠯᠡᠬᠢ ᠰᠢᠭᠤᠳ ᠨᠡᠪᠲᠡᠷᠡᠬᠦ ᠵᠠᠮ ᠳᠡᠭᠡᠭᠡᠪᠦᠷᠢ ᠶᠢ ᠪᠡᠶᠡᠯᠡᠭᠦᠯᠵᠤ᠂ ᠬᠤᠲᠠ ᠶᠢᠨ ᠦᠢᠯᠡᠴᠢᠯᠡᠭᠡᠨ ᠤ ᠴᠢᠳᠠᠪᠬᠢ ᠶᠢ ᠳᠡᠭᠡᠭᠰᠢᠯᠡᠬᠦᠯᠵᠤ᠂ ᠠᠵᠤ ᠠᠬᠤᠢ ᠶᠢᠨ ᠦᠷ᠎ᠡ ᠠᠰᠢᠭ ᠢ ᠪᠠᠳᠠᠷᠠᠭᠤᠯᠬᠤ ᠶᠢᠨ ᠬᠠᠮᠲᠤ ᠤᠷᠤᠨ ᠪᠦᠰᠡ ᠶᠢᠨ ᠨᠡᠭᠦᠷᠡᠰᠦᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠ ᠵᠠᠮ ᠬᠠᠷᠢᠯᠴᠠᠭᠠᠨ ᠤ ᠰᠢᠰᠲ᠋ᠧᠮ ᠤᠨ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠢ ᠦᠢᠯᠡᠳᠦᠯ ᠦᠵᠡᠭᠦᠯᠬᠦ ᠪᠤᠯᠤᠨ᠎ᠠ᠃
ᠢᠷᠡᠯᠲᠡ᠄ ᠤᠷᠳᠤᠰ ᠬᠤᠲᠠ ᠶᠢᠨ ᠬᠠᠮ ᠵᠠᠭᠤᠴᠢᠯᠠᠭᠤᠷ ᠤᠨ ᠲᠥᠪ