ᠮᠠᠨ ᠤ ᠬᠤᠲᠠ ᠶᠢᠨ 7 ᠭᠠᠴᠠᠭ᠎ᠠ ᠲᠤᠰᠬᠤᠨ 2023 ᠤᠨ ᠤ ᠪᠦᠬᠦ ᠤᠷᠤᠨ ᠤ ᠭᠠᠴᠠᠭ᠎ᠠ ᠲᠤᠰᠬᠤᠨ ᠤ ᠬᠠᠮᠲᠤ ᠶᠢᠨ ᠠᠵᠤ ᠠᠬᠤᠢ ᠤᠨ ᠬᠥᠭᠵᠢᠯᠲᠡ  ᠶᠢᠨ ᠨᠡᠶᠢᠲᠡᠯᠢᠭ ᠦᠯᠢᠭᠡᠷ ᠳᠠᠭᠤᠷᠢᠶᠠᠯ ᠤᠨ ᠲᠤᠰᠬᠤᠨ ᠢᠶᠠᠷ ᠰᠤᠩᠭᠤᠭᠳᠠᠯ᠎ᠠ
ᠨᠡᠶᠢᠲᠡᠯᠡᠭᠰᠡᠨ ᠴᠠᠭ᠄
2023/11/13
    ᠤᠶᠢᠷ᠎ᠠ ᠳᠤ᠂ 2023 ᠤᠨ ᠤ ᠪᠦᠬᠦ ᠤᠷᠤᠨ ᠤ ᠭᠠᠴᠠᠭ᠎ᠠ ᠲᠤᠰᠬᠤᠨ ᠤ ᠬᠠᠮᠲᠤ ᠶᠢᠨ ᠠᠵᠤ ᠠᠬᠤᠢ ᠬᠥᠭᠵᠢᠯᠲᠡ ᠶᠢᠨ ᠨᠡᠶᠢᠲᠡᠯᠢᠭ ᠦᠯᠢᠭᠡᠷ ᠳᠠᠭᠤᠷᠢᠶᠠᠯ  ᠤᠨ ᠲᠤᠰᠬᠤᠨ ᠤ ᠰᠢᠯᠭᠠᠷᠠᠭᠤᠯᠤᠯᠲᠠ ᠶᠢᠨ ᠦᠷ᠎ᠡ ᠳ᠋ᠦᠩ ᠢ ᠥᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠤᠨ ᠠᠯᠪᠠᠨ ᠰᠦᠯᠵᠢᠶ᠎ᠡ ᠳᠤ ᠨᠡᠶᠢᠲᠡᠯᠡᠪᠡ᠃ ︽ᠭᠠᠴᠠᠭ᠎ᠠ ᠲᠤᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ ᠨᠡᠶᠢᠲᠡᠯᠢᠭ ᠦᠯᠢᠭᠡᠷ ᠳᠠᠭᠤᠷᠢᠶᠠᠯ ᠤᠨ ᠲᠤᠰᠬᠤᠨ ᠢ ᠲᠠᠨᠢᠯᠴᠠᠭᠤᠯᠬᠤ ᠲᠤᠬᠠᠢ ᠮᠡᠳᠡᠭᠳᠡᠯ︾ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠤᠰᠤᠭᠠᠷ᠂ ᠰᠠᠶᠢᠨ ᠳᠤᠷ᠎ᠠ ᠠᠴᠠ ᠪᠠᠨ ᠭᠤᠶᠤᠴᠢᠯᠠᠨ ᠮᠡᠳᠡᠭᠦᠯᠬᠦ᠂ ᠱᠠᠲᠤ ᠳᠠᠷᠠᠭᠠᠯᠠᠨ ᠬᠢᠨᠠᠨ ᠬᠠᠷᠭᠤᠭᠤᠯᠬᠤ᠂ ᠥᠪᠡᠷᠲᠡᠭᠡᠨ ᠵᠠᠰᠠᠬᠤ ᠤᠷᠤᠨ ᠤ ᠲᠤᠰᠬᠠᠢ ᠮᠡᠷᠭᠡᠵᠢᠯᠲᠡᠨ ᠢᠶᠠᠷ ᠬᠢᠨᠠᠨ ᠲᠤᠭᠲᠠᠭᠠᠯᠭᠠᠭᠰᠠᠨ ᠰᠠᠭᠤᠷᠢᠨ ᠳᠡᠭᠡᠷ᠎ᠡ᠂ ᠮᠠᠨ ᠤ ᠬᠤᠲᠠ ᠶᠢᠨ 7 ᠭᠠᠴᠠᠭ᠎ᠠ ᠲᠤᠰᠬᠤᠨ ᠢ 2023 ᠤᠨ ᠤ ᠪᠦᠬᠦ ᠤᠷᠤᠨ ᠤ ᠭᠠᠴᠠᠭ᠎ᠠ ᠲᠤᠰᠬᠤᠨ ᠤ ᠬᠠᠮᠲᠤ ᠶᠢᠨ ᠠᠵᠤ ᠠᠬᠤᠢ  ᠶᠢᠨ ᠬᠥᠭᠵᠢᠯᠲᠡ ᠶᠢᠨ ᠨᠡᠶᠢᠲᠡᠯᠢᠭ ᠦᠯᠢᠭᠡᠷ ᠳᠠᠭᠤᠷᠢᠶᠠᠯ ᠤᠨ ᠲᠤᠰᠬᠤᠨ ᠢᠶᠠᠷ ᠲᠤᠭᠲᠠᠭᠠᠵᠤ᠂ ᠰᠤᠩᠭᠤᠭᠳᠠᠭᠰᠠᠨ ᠲᠤᠭ᠎ᠠ ᠬᠡᠮᠵᠢᠶ᠎ᠡ ᠨᠢ ᠪᠦᠬᠦ ᠤᠷᠤᠨ ᠤ ᠡᠯ᠎ᠡ ᠠᠶᠢᠮᠠᠭ ᠬᠤᠲᠠ ᠳᠤ ᠲᠡᠷᠢᠭᠦᠯᠡᠪᠡ᠃    7 ᠭᠠᠴᠠᠭ᠎ᠠ ᠲᠤᠰᠬᠤᠨ ᠪᠤᠯ ᠲᠤᠰ ᠲᠤᠰ ᠳᠠᠯᠠᠳ ᠬᠤᠰᠢᠭᠤᠨ ᠤ ᠪᠠᠢ ᠨᠢ ᠵᠢᠩ ᠪᠠᠯᠭᠠᠰᠤᠨ ᠤ ᠾᠸᠦ ᠵᠢᠶᠠ ᠶᠢᠩ ᠽᠢ ᠲᠤᠰᠬᠤᠨ᠂ ᠤᠲᠤᠭ ᠤᠨ ᠡᠮᠦᠨᠡᠲᠦ ᠬᠤᠰᠢᠭᠤᠨ ᠤ ᠪᠤᠷᠤᠪᠠᠯᠭᠠᠰᠤ ᠪᠠᠯᠭᠠᠰᠤ ᠶᠢᠨ ᠮᠠ ᠬᠤᠸᠠᠩ ᠲᠤᠤ ᠲᠤᠰᠬᠤᠨ᠂ ᠦᠦᠰᠢᠨ ᠬᠤᠰᠢᠭᠤᠨ ᠤ ᠦᠦᠰᠢᠨᠵᠤᠤ ᠪᠠᠯᠭᠠᠰᠤ ᠶᠢᠨ ᠪᠠᠭᠠᠨᠠᠭᠤᠷ  ᠲᠤᠰᠬᠤᠨ᠂ ᠡᠵᠡᠨ ᠬᠤᠷᠤᠭ᠎ᠠ ᠬᠤᠰᠢᠭᠤᠨ ᠤ  ᠬᠤᠨᠢᠴᠢᠠᠭᠤᠤᠯ ᠪᠠᠯᠭᠠᠰᠤ ᠶᠢᠨ ᠪᠠᠶᠠᠨᠪᠤᠯᠠᠭ ᠲᠤᠰᠬᠤᠨ᠂ ᠤᠲᠤᠭ ᠬᠤᠰᠢᠭᠤᠨ ᠤ ᠠᠷᠪᠠᠰ ᠰᠤᠮᠤᠨ ᠤ ᠪᠠᠶ᠋ᠬᠠᠤᠰᠤ ᠭᠠᠴᠠᠭ᠎ᠠ᠂ ᠵᠡᠭᠦᠠᠭᠠᠷ ᠬᠤᠰᠢᠭᠤᠨ ᠤ ᠱᠢ ᠡᠯ ᠯᠢᠶᠠᠨ ᠴᠧᠩ ᠰᠢᠶᠠᠩ ᠤᠨ ᠰᠢᠩ ᠱᠧᠩ ᠳ᠋ᠢᠶᠠᠨ ᠲᠣᠰᠬᠤᠨ᠂ ᠳ᠋ᠦᠩᠱᠧᠩ ᠲᠤᠭᠤᠷᠢᠭ ᠤᠨ ᠪᠤᠷᠵᠠᠩ ᠨᠠᠭᠤᠷ ᠪᠠᠯᠭᠠᠰᠤ ᠶᠢᠨ ᠱᠧ ᠵᠢᠶᠠ ᠯᠢᠶᠠᠩ ᠲᠤᠰᠬᠤᠨ ᠪᠤᠯᠤᠨ᠎ᠠ᠃ ᠳᠠᠷᠠᠭᠠᠴᠢ ᠶᠢᠨ ᠠᠯᠬᠤᠮ ᠳᠤ᠂ ᠬᠤᠲᠠ ᠶᠢᠨ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠤᠷᠤᠨ ᠤ ᠲᠤᠪᠴᠢᠶ᠎ᠠ ᠭᠠᠴᠠᠭ᠎ᠠ ᠲᠤᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ ᠵᠢᠯᠥᠭᠤᠳᠤᠯᠭ᠎ᠠ ᠪᠠ ᠦᠢᠯᠡᠴᠢᠯᠡᠭᠡ ᠪᠠᠨ ᠦᠷᠭᠦᠯᠵᠢᠯᠡᠨ ᠴᠢᠩᠭᠠᠳᠬᠠᠵᠤ᠂ ᠬᠢᠨᠠᠯᠲᠠ ᠬᠠᠮᠢᠶᠠᠷᠤᠯᠳᠠ ᠪᠠᠨ ᠴᠢᠩᠭᠠᠳᠬᠠᠨ᠂ ᠨᠡᠶᠢᠲᠡᠯᠢᠭ ᠲᠤᠷᠰᠢᠯᠭ᠎ᠠ ᠶᠢ ᠳᠡᠯᠭᠡᠷᠡᠭᠦᠯᠬᠦ ᠠᠵᠢᠯ ᠢ ᠰᠠᠶᠢᠲᠤᠷ ᠬᠢᠵᠤ᠂ ᠪᠦᠬᠦ ᠤᠷᠤᠨ ᠤ ᠭᠠᠴᠠᠭ᠎ᠠ ᠲᠤᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ ᠨᠡᠶᠢᠲᠡᠯᠢᠭ ᠦᠯᠢᠭᠡᠷ ᠳᠠᠭᠤᠷᠢᠶᠠᠯ ᠤᠨ ᠲᠤᠰᠬᠤᠨ ᠤ ᠳᠠᠭᠤᠷᠢᠶᠠᠯ ᠦᠵᠡᠭᠦᠯᠦᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠪᠠ ᠮᠠᠯᠴᠢᠨ ᠲᠠᠷᠢᠶᠠᠴᠢᠨ ᠤ ᠬᠠᠮᠲᠤ ᠪᠠᠷ ᠪᠠᠶᠠᠵᠢᠬᠤ ᠶᠢ ᠪᠦᠬᠦ ᠲᠠᠯ᠎ᠠ ᠪᠠᠷ ᠠᠬᠢᠭᠤᠯᠬᠤ ᠳᠤ ᠭᠦᠴᠦᠨ ᠨᠡᠮᠡᠷᠢᠯᠡᠬᠦ ᠪᠠᠷ ᠴᠢᠷᠮᠠᠶᠢᠨ᠎ᠠ᠃
ᠢᠷᠡᠯᠲᠡ᠄ ᠤᠷᠳᠤᠰ ᠤᠨ ᠡᠳᠦᠷ ᠤᠨ ᠰᠤᠨᠢᠨ