ᠣᠷᠳᠣᠰ ᠬᠤᠲᠠ ᠬᠢᠭᠡᠳ ᠮᠤᠰᠺᠸᠠ ᠬᠤᠲᠠ ᠶᠢᠨ ᠬᠤᠭᠤᠷᠤᠨᠳᠤᠬᠢ ᠤᠯᠠᠨ ᠤᠯᠤᠰ ᠤᠨ ᠪᠠᠷᠠᠭ᠎ᠠ ᠲᠡᠭᠡᠭᠡᠪᠦᠷᠢ ᠶᠢᠨ ᠠᠭᠠᠷ ᠤᠨ ᠱᠤᠭᠤᠮ ᠵᠢᠩᠬᠢᠨᠢ ᠪᠠᠷ ᠨᠡᠪᠲᠡᠷᠡᠪᠡ
ᠨᠡᠶᠢᠲᠡᠯᠡᠭᠰᠡᠨ ᠴᠠᠭ᠄
2023/11/16
   1.png 
      11 ᠰᠠᠷ᠎ᠠ ᠶᠢᠨ 15 ᠤ ᠡᠳᠦᠷ ᠤᠨ ᠦᠳᠡ ᠶᠢᠨ ᠡᠮᠦᠨ᠎ᠡ ᠶᠢᠨ 10 ᠴᠠᠭ ᠲᠤ᠂ ᠮᠤᠰᠺᠸᠠ ᠠᠴᠠ ᠨᠢᠰᠦᠭᠰᠡᠨ ᠪᠦᠸᠧ ᠶᠢᠨ 747—300F ᠪᠠᠷᠠᠭ᠎ᠠ ᠲᠡᠭᠡᠭᠡᠪᠦᠷᠢ ᠶᠢᠨ ᠨᠢᠰᠭᠡᠯ ᠤᠷᠤᠭᠰᠢᠲᠠᠢ ᠪᠠᠷ ᠤᠷᠳᠤᠰ ᠤᠨ ᠤᠯᠠᠨ ᠤᠯᠤᠰ ᠤᠨ ᠨᠢᠰᠭᠡᠯ ᠤᠨ ᠪᠠᠭᠤᠳᠠᠯ ᠳᠤ ᠪᠠᠭᠤᠪᠠ᠃ ᠬᠡᠳᠦᠨ ᠴᠠᠭ ᠠᠮᠤᠰᠬᠢᠵᠤ ᠪᠤᠳᠠᠰ ᠪᠠᠷᠠᠭ᠎ᠠ ᠪᠠᠷ ᠪᠡᠯᠡᠳᠬᠡᠭᠰᠡᠨ ᠤ ᠳᠠᠷᠠᠭ᠎ᠠ ᠦᠳᠡ ᠶᠢᠨ ᠬᠤᠶᠢᠨ᠎ᠠ ᠶᠢᠨ 16 ᠴᠠᠭ 40 ᠮᠢᠨᠦ᠋ᠲ ᠲᠤ ᠪᠠᠷᠠᠭᠠᠨ ᠤ ᠨᠢᠰᠭᠡᠯ 350 ᠲᠦᠮᠡᠨ ᠳ᠋ᠤᠯᠯᠠᠷ ᠤᠨ ᠥᠷᠲᠡᠭ ᠪᠦᠬᠦᠢ ᠵᠠᠭᠤ ᠰᠢᠬᠠᠮ ᠲᠤᠨ ᠮᠧᠬᠠᠨᠢᠭ ᠳᠥᠬᠦᠭᠡᠷᠦᠮᠵᠢ ᠶᠢ ᠲᠡᠭᠡᠭᠡᠪᠦᠷᠢᠯᠡᠨ ᠣᠷᠳᠣᠰ ᠤᠨ ᠤᠯᠠᠨ ᠤᠯᠤᠰ ᠤᠨ ᠨᠢᠰᠭᠡᠯ ᠤᠨ ᠪᠠᠭᠤᠳᠠᠯ ᠠᠴᠠ ᠤᠷᠤᠰ ᠤᠨ ᠨᠡᠶᠢᠰᠯᠡᠯ ᠮᠤᠰᠺᠸᠠ ᠵᠦᠭ ᠨᠢᠰᠪᠡ᠃ ᠡᠨᠡ ᠨᠢ ᠤᠷᠳᠤᠰ ᠤᠨ ᠤᠯᠠᠨ ᠤᠯᠤᠰ ᠤᠨ ᠨᠢᠰᠭᠡᠯ ᠤᠨ ᠪᠠᠭᠤᠳᠠᠯ ᠤᠨ ᠠᠩᠬᠠᠳᠠᠭᠴᠢ ᠵᠤᠷᠪᠤᠰ ᠤᠷᠤᠰ ᠬᠦᠷᠬᠦ ᠪᠠᠷᠠᠭ᠎ᠠ ᠲᠡᠭᠡᠭᠡᠪᠦᠷᠢ  ᠶᠢᠨ ᠠᠭᠠᠷ ᠤᠨ ᠱᠤᠭᠤᠮ ᠪᠦᠭᠡᠳ ᠠᠩᠬᠠᠳᠠᠭᠴᠢ ᠵᠤᠷᠪᠤᠰ ᠭᠠᠳᠠᠭᠠᠳᠤ ᠳᠤ ᠭᠠᠷᠭᠠᠬᠤ ᠪᠠᠷᠠᠭ᠎ᠠ ᠲᠡᠭᠡᠭᠡᠪᠦᠷᠢ ᠶᠢᠨ ᠠᠭᠠᠷ ᠤᠨ ᠱᠤᠭᠤᠮ ᠵᠢᠩᠬᠢᠨᠢ ᠪᠠᠷ ᠨᠡᠪᠲᠡᠷᠡᠭᠰᠡᠨ  ᠢ ᠬᠠᠷᠠᠭᠤᠯᠵᠤ ᠪᠠᠶᠢᠨ᠎ᠠ᠃
5.png
    ᠠᠭᠠᠷ ᠤᠨ ᠱᠤᠭᠤᠮ ᠵᠢᠩᠬᠢᠨᠢ ᠪᠠᠷ ᠨᠡᠪᠲᠡᠷᠡᠭᠰᠡᠨ ᠤ ᠳᠠᠷᠠᠭ᠎ᠠ᠂ ᠭᠠᠷᠠᠭ ᠪᠦᠷᠢ ᠬᠤᠶᠠᠷ ᠡᠭᠡᠯᠵᠢ ᠨᠢᠰᠬᠦ ᠪᠠᠷ ᠲᠥᠯᠥᠪᠯᠡᠵᠤ᠂ ᠡᠭᠡᠯᠵᠢ ᠪᠦᠷᠢ ᠶᠢᠨ ᠳᠤᠮᠳᠠᠴᠢ ᠪᠠᠷᠠᠭ᠎ᠠ ᠲᠡᠭᠡᠭᠡᠪᠦᠷᠢᠯᠡᠬᠦ ᠬᠡᠮᠵᠢᠶ᠎ᠡ ᠨᠢ ᠪᠠᠷᠤᠭ 100 ᠲᠤᠨ ᠪᠠᠶᠢᠵᠤ᠂ ᠨᠢᠭᠡ ᠡᠳᠦᠷ ᠤᠨ ᠢᠷᠡᠵᠤ ᠪᠤᠴᠠᠬᠤ ᠲᠡᠭᠡᠭᠡᠪᠦᠷᠢ ᠶᠢᠨ ᠬᠡᠮᠵᠢᠶ᠎ᠡ 200 ᠲᠤᠨ  ᠬᠦᠷᠦᠨ᠎ᠡ᠃ ᠡᠭᠦᠨ ᠳᠤ ᠭᠠᠳᠠᠭᠠᠳᠤ ᠳᠤ ᠭᠠᠷᠭᠠᠬᠤ ᠨᠢ ᠮᠧᠬᠠᠨᠢᠭ ᠳᠥᠬᠦᠭᠡᠷᠦᠮᠵᠢ᠂ ᠡᠯᠧᠺᠲᠷᠤᠨ ᠦᠢᠯᠡᠳᠬᠦᠨ᠂ ᠡᠳᠦᠷ ᠳᠤᠲᠤᠮ ᠤᠨ ᠬᠡᠷᠡᠭᠯᠡᠭᠡᠨ ᠤ ᠵᠦᠢᠯ ᠢᠶᠠᠷ ᠭᠤᠤᠯ ᠪᠤᠯᠭᠠᠨ᠎ᠠ᠃ ᠭᠠᠳᠠᠭᠠᠳᠤ ᠠᠴᠠ ᠤᠷᠤᠭᠤᠯᠬᠤ ᠨᠢ ᠤᠷᠤᠰ ᠵᠢᠴᠢ ᠳᠤᠮᠳᠠᠳᠤ ᠠᠽᠢᠶ᠎ᠠ ᠶᠢᠨ ᠤᠷᠤᠨ ᠪᠦᠰᠡ ᠶᠢᠨ ᠰᠢᠨ᠎ᠡ ᠰᠤᠷᠭᠤᠭ ᠵᠢᠮᠢᠰ᠂ ᠬᠠᠳᠠᠭᠠᠮᠠᠯ ᠵᠢᠮᠢᠰ᠂ ᠤᠰᠤᠨ ᠤ ᠭᠠᠷᠤᠯᠲᠠ ᠪᠠᠷ ᠭᠤᠤᠯᠯᠠᠨ᠎ᠠ᠃
4.png  
     ᠤᠷᠳᠤᠰ ᠠᠴᠠ ᠮᠤᠰᠺᠸᠠ ᠬᠦᠷᠬᠦ ᠪᠦᠬᠦ ᠪᠠᠷᠠᠭ᠎ᠠ ᠲᠡᠭᠡᠭᠡᠪᠦᠷᠢ ᠶᠢᠨ ᠠᠭᠠᠷ ᠤᠨ ᠱᠤᠭᠤᠮ ᠢ ᠨᠡᠪᠲᠡᠷᠡᠭᠦᠯᠦᠭᠰᠡᠨ ᠨᠢ ᠥᠪᠥᠷ ᠮᠤᠩᠭᠤᠯ ᠤᠨ ᠵᠡᠭᠦᠨ ᠪᠠᠷᠠᠭᠤᠨ ᠪᠡᠶ᠎ᠡ ᠳᠠᠬᠢ ᠤᠷᠳᠤᠰ ᠤᠨ ᠠᠭᠠᠷ ᠤᠨ ᠪᠤᠭᠤᠮᠳᠠ ᠪᠠᠷ ᠳᠠᠮᠵᠢᠨ ᠤᠷᠤᠭᠤᠯᠵᠤ ᠭᠠᠷᠭᠠᠬᠤ ᠪᠠᠷᠠᠭᠠᠨ ᠤ ᠬᠡᠮᠵᠢᠶ᠎ᠡ ᠶᠢ ᠲᠦᠷᠭᠡᠨ ᠨᠡᠮᠡᠭᠳᠡᠭᠦᠯᠵᠤ᠂ ᠬᠢᠯᠢ ᠠᠯᠤᠰᠯᠠᠭᠰᠠᠨ ᠡᠯᠧᠺᠲᠷᠤᠨ ᠬᠤᠳᠠᠯᠳᠤᠭ᠎ᠠ ᠵᠡᠷᠭᠡ ᠠᠳᠠᠯᠢ ᠪᠤᠰᠤ ᠠᠷᠠᠯᠵᠢᠶᠠᠨ ᠤ ᠠᠷᠭ᠎ᠠ ᠮᠠᠶ᠋ᠢᠭ ᠢᠶᠠᠷ ᠪᠤᠷᠤᠯᠠᠭᠤᠯᠤᠭᠰᠠᠨ ᠡᠯ᠎ᠡ ᠲᠥᠷᠥᠯ ᠤᠨ ᠪᠠᠷᠠᠭ᠎ᠠ ᠶᠢ ᠥᠨᠳᠥᠷ ᠪᠦᠲᠦᠮᠵᠢᠲᠡᠢ ᠲᠡᠭᠡᠭᠡᠪᠦᠷᠢᠯᠡᠬᠦ ᠬᠡᠷᠡᠭᠴᠡᠭᠡ ᠶᠢ ᠬᠠᠩᠭᠠᠬᠤ ᠪᠤᠯᠤᠨ᠎ᠠ᠃
6.jpg   
    ᠡᠨᠡ ᠨᠢ ᠤᠷᠳᠤᠰ ᠬᠤᠲᠠ ᠶᠢᠨ ᠠᠵᠤ ᠠᠬᠤᠢ ᠶᠢᠨ ᠠᠮᠢᠵᠢᠷᠠᠯ ᠤᠨ ᠬᠦᠴᠦᠨ ᠪᠠ ᠠᠭᠠᠷ ᠤᠨ ᠪᠠᠷᠠᠭᠠᠨ ᠤ ᠭᠦᠢᠯᠭᠡᠭᠡᠨ ᠤ ᠵᠠᠬ᠎ᠠ ᠳᠡᠯᠭᠡᠭᠦᠷ ᠤᠨ ᠬᠥᠭᠵᠢᠯᠲᠡ  ᠶᠢ ᠥᠪᠥᠷ ᠮᠤᠩᠭᠤᠯ ᠤᠨ ᠬᠡᠪᠴᠢᠶᠡᠨ ᠳᠤ ᠤᠯᠠᠮ ᠨᠢᠭᠡ ᠠᠯᠬᠤᠮ ᠳᠡᠭᠡᠭᠰᠢᠯᠡᠬᠦᠯᠬᠦ ᠶᠢᠨ ᠬᠠᠮᠲᠤ ᠤᠷᠳᠤᠰ ᠵᠢᠴᠢ ᠡᠷᠭᠢᠨ ᠲᠤᠭᠤᠷᠢᠨ ᠤ ᠠᠵᠤ ᠠᠬᠤᠶᠢᠯᠠᠯ ᠤᠨ ᠨᠡᠩ ᠲᠤᠭᠲᠠᠭᠤᠨ ᠪᠦᠭᠡᠳ ᠥᠨᠳᠥᠷ ᠪᠦᠲᠦᠮᠵᠢᠲᠡᠢ ᠬᠢᠯᠢ ᠠᠯᠤᠰᠯᠠᠭᠰᠠᠨ ᠠᠵᠤ ᠦᠢᠯᠡᠰ ᠤᠨ ᠬᠠᠩᠭᠠᠯᠭ᠎ᠠ ᠶᠢᠨ ᠬᠡᠯᠬᠢᠶ᠎ᠡ ᠪᠠᠶᠢᠭᠤᠯᠬᠤ ᠶᠢ ᠠᠬᠢᠭᠤᠯᠵᠤ᠂ ᠤᠷᠳᠤᠰ  ᠤᠨ ᠭᠠᠳᠠᠭᠠᠳᠤ ᠠᠷᠠᠯᠵᠢᠶᠠᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠤᠨ᠎ᠠ᠃ 
7.png
ᠢᠷᠡᠯᠲᠡ᠄ ᠤᠷᠳᠤᠰ ᠬᠤᠲᠠ ᠶᠢᠨ ᠬᠠᠮ ᠵᠠᠭᠤᠴᠢᠯᠠᠭᠤᠷ ᠤᠨ ᠲᠥᠪ