ᠦᠦᠰᠢᠨ ᠬᠤᠰᠢᠭᠤᠨ ᠳᠤ ᠪᠠᠶᠢᠭ᠎ᠠ ᠥᠪᠥᠷ ᠮᠤᠩᠭᠤᠯ ᠤᠨ ᠪᠠᠶᠢᠭᠠᠯᠢ ᠶᠢᠨ ᠰᠢᠲᠠᠮᠠᠬᠠᠢ ᠬᠡᠢ ᠬᠠᠳᠠᠭᠠᠯᠠᠬᠤ ᠬᠠᠮᠤᠭ ᠤᠨ ᠲᠤᠮᠤ ᠬᠥᠮᠥᠷᠭᠡ ᠬᠡᠢ ᠬᠠᠩᠭᠠᠵᠤ ᠡᠬᠢᠯᠡᠪᠡ
ᠨᠡᠶᠢᠲᠡᠯᠡᠭᠰᠡᠨ ᠴᠠᠭ᠄
2023/11/16
   微信图片_20231116161800.png
    ᠠᠭᠠᠷ ᠤᠨ ᠲᠤᠯᠠᠭᠠᠨ ᠳᠠᠰᠤᠷᠠᠯᠲᠠ ᠦᠭᠡᠢ ᠪᠠᠭᠤᠷᠠᠬᠤ ᠶᠢ ᠳᠠᠭᠠᠯᠳᠤᠨ᠂ 11 ᠰᠠᠷ᠎ᠠ ᠶᠢᠨ 14 ᠤ ᠡᠳᠦᠷ᠂ ᠥᠪᠥᠷ ᠮᠤᠩᠭᠤᠯ ᠤᠨ ᠥᠪᠡᠷᠲᠡᠭᠡᠨ ᠵᠠᠰᠠᠬᠤ ᠤᠷᠤᠨ ᠤ ᠬᠠᠮᠤᠭ ᠤᠨ ᠲᠤᠮᠤ ᠰᠢᠲᠠᠮᠠᠬᠠᠢ ᠬᠡᠢ ᠬᠠᠳᠠᠭᠠᠯᠠᠬᠤ ᠬᠥᠮᠥᠷᠭᠡ ᠪᠤᠯᠬᠤ ᠴᠠᠩ ᠴᠢᠩ ᠴᠢᠯᠠᠭᠤᠨ ᠲᠤᠰᠤᠨ ᠤ ᠠᠭᠤᠷᠬᠠᠢ ᠶᠢᠨ ᠲᠠᠪᠤᠳᠤᠭᠠᠷ ᠰᠢᠲᠠᠮᠠᠬᠠᠢ ᠬᠡᠢ ᠭᠠᠷᠭᠠᠬᠤ ᠦᠢᠯᠡᠳᠪᠦᠷᠢ ᠶᠢᠨ ᠰᠤ᠋ ᠳ᠋ᠦᠩ 39 —61 ᠰᠢᠲᠠᠮᠠᠬᠠᠢ ᠬᠡᠢ ᠬᠠᠳᠠᠭᠠᠯᠠᠬᠤ ᠬᠥᠮᠥᠷᠭᠡ ᠨᠢ ᠨᠡᠭᠡᠯᠡᠬᠡᠢ ᠪᠠᠨ ᠨᠡᠭᠡᠭᠡᠵᠤ ᠬᠡᠢ ᠬᠠᠩᠭᠠᠵᠤ ᠡᠬᠢᠯᠡᠪᠡ᠃    ᠰᠤ᠋ ᠳ᠋ᠦᠩ 39 —61 ᠰᠢᠲᠠᠮᠠᠬᠠᠢ ᠬᠡᠢ ᠬᠠᠳᠠᠭᠠᠯᠠᠬᠤ ᠬᠥᠮᠥᠷᠭᠡ ᠨᠢ ᠦᠦᠰᠢᠨ ᠬᠤᠰᠢᠭᠤᠨ ᠤ ᠤᠯᠠᠭᠠᠨᠲᠤᠯᠤᠭᠠᠢ ᠪᠠᠯᠭᠠᠰᠤᠨ ᠳᠤ ᠪᠠᠶᠢᠷᠢᠯᠠᠵᠤ᠂ ᠤᠳᠤᠬᠠᠨ ᠳᠤ ᠥᠪᠥᠷ ᠮᠤᠩᠭᠤᠯ ᠤᠨ ᠥᠪᠡᠷᠲᠡᠭᠡᠨ ᠵᠠᠰᠠᠬᠤ ᠤᠷᠤᠨ ᠤ ᠨᠢᠭᠡᠨᠲᠡ ᠪᠠᠶᠢᠭᠤᠯᠤᠭᠰᠠᠨ ᠬᠠᠮᠤᠭ ᠤᠨ ᠲᠤᠮᠤ ᠰᠢᠲᠠᠮᠠᠬᠠᠢ ᠬᠡᠢ ᠬᠠᠳᠠᠭᠠᠯᠠᠬᠤ ᠬᠥᠮᠥᠷᠭᠡ ᠪᠠᠶᠢᠵᠤ᠂ ᠮᠥᠨ ᠴᠦ ᠴᠠᠩ ᠴᠢᠩ ᠴᠢᠯᠠᠭᠤᠨ ᠲᠤᠰᠤᠨ ᠤ ᠠᠭᠤᠷᠬᠠᠢ ᠶᠢᠨ ᠨᠢᠭᠡᠨᠲᠡ ᠪᠠᠶᠢᠭᠤᠯᠤᠭᠰᠠᠨ ᠬᠠᠮᠤᠭ ᠤᠨ ᠲᠤᠮᠤ ᠰᠢᠲᠠᠮᠠᠬᠠᠢ ᠬᠡᠢ ᠬᠠᠳᠠᠭᠠᠯᠠᠬᠤ ᠬᠥᠮᠥᠷᠭᠡ ᠪᠤᠯᠤᠨ᠎ᠠ᠂ ᠵᠢᠷᠤᠭ ᠲᠥᠯᠥᠪᠯᠡᠭᠰᠡᠨ ᠬᠥᠮᠥᠷᠭᠡ ᠶᠢᠨ ᠪᠠᠭᠲᠠᠭᠠᠮᠵᠢ ᠨᠢ 22.3 ᠳ᠋ᠦᠩᠰᠢᠭᠤᠷ ᠪᠤᠰᠤᠭ᠎ᠠ ᠳᠥᠷᠪᠡᠯᠵᠢᠨ ᠮᠧᠲᠷ᠂ ᠵᠢᠷᠤᠭ ᠲᠥᠯᠥᠪᠯᠡᠭᠰᠡᠨ ᠠᠵᠢᠯᠯᠠᠬᠤ ᠬᠡᠢ ᠶᠢᠨ ᠬᠡᠮᠵᠢᠶ᠎ᠡ ᠨᠢ 10.8 ᠳ᠋ᠦᠩᠰᠢᠭᠤᠷ ᠪᠤᠰᠤᠭ᠎ᠠ ᠳᠥᠷᠪᠡᠯᠵᠢᠨ ᠮᠧᠲᠷ ᠪᠤᠢ᠃ ᠭᠤᠷᠪᠠᠨ ᠬᠦᠮᠦᠨ ᠠᠮᠠ ᠲᠠᠢ ᠭᠡᠷ ᠪᠦᠯᠢ ᠡᠳᠦᠷ ᠪᠦᠷᠢ ᠨᠢᠭᠡ ᠪᠤᠰᠤᠭ᠎ᠠ ᠳᠥᠷᠪᠡᠯᠵᠢᠨ ᠮᠧᠲᠷ ᠪᠠᠶᠢᠭᠠᠯᠢ ᠶᠢᠨ ᠰᠢᠲᠠᠮᠠᠬᠠᠢ ᠬᠡᠢ ᠬᠡᠷᠡᠭᠯᠡᠬᠦ ᠪᠠᠷ ᠪᠤᠳᠤᠪᠠᠯ᠂ ᠡᠨᠡ ᠵᠢᠯ ᠤᠨ ᠡᠪᠦᠯ ᠤᠨ ᠤᠯᠠᠷᠢᠯ ᠤᠨ ᠰᠢᠲᠠᠮᠠᠬᠠᠢ ᠬᠡᠢ ᠬᠠᠩᠭᠠᠬᠤ ᠤᠷᠬᠢᠯ ᠬᠤᠭᠤᠴᠠᠭᠠᠨ ᠳᠤ᠂ ᠰᠤ᠋ ᠳ᠋ᠦᠩ 39 —61 ᠰᠢᠲᠠᠮᠠᠬᠠᠢ ᠬᠡᠢ ᠬᠠᠳᠠᠭᠠᠯᠠᠬᠤ ᠬᠥᠮᠥᠷᠭᠡ ᠨᠢ 900 ᠭᠠᠷᠤᠢ ᠲᠥᠮᠡᠨ ᠡᠷᠦᠬᠡ ᠳᠤ ᠴᠡᠪᠡᠷ ᠡᠨᠧᠷᠬᠢ ᠶᠢ ᠦᠷᠭᠦᠯᠵᠢᠯᠡᠨ ᠲᠤᠭᠲᠠᠪᠤᠷᠢᠲᠠᠢ ᠬᠠᠩᠭᠠᠵᠤ ᠳᠡᠶᠢᠯᠦᠨ᠎ᠡ᠂ ᠲᠤᠰ ᠬᠡᠢ ᠬᠠᠳᠠᠭᠠᠯᠠᠬᠤ ᠬᠥᠮᠥᠷᠭᠡ ᠨᠢ 1 ᠳ᠋ᠦᠩᠰᠢᠭᠤᠷ ᠡᠷᠦᠬᠡ ᠶᠢᠨ 10 ᠡᠳᠦᠷ ᠵᠠᠯᠭᠠᠭ᠎ᠠ ᠪᠠᠷ ᠬᠡᠢ ᠬᠡᠷᠡᠭᠯᠡᠬᠦ ᠬᠡᠮᠵᠢᠶ᠎ᠡ ᠶᠢ ᠪᠠᠲᠤᠯᠠᠵᠤ ᠴᠢᠳᠠᠨ᠎ᠠ᠃
ᠢᠷᠡᠯᠲᠡ᠄ ᠤᠷᠳᠤᠰ ᠬᠤᠲᠠ ᠶᠢᠨ ᠬᠠᠮ ᠵᠠᠭᠤᠴᠢᠯᠠᠭᠤᠷ ᠤᠨ ᠲᠥᠪ