ᠲᠦᠷᠦᠭᠦᠦ ᠭᠤᠷᠪᠠᠨ ᠤᠯᠠᠷᠢᠯ ᠳᠤ ᠮᠠᠨ ᠤ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠲᠤᠭᠲᠠᠭᠤᠨ ᠡᠷᠬᠢᠯᠳᠡ ᠪᠠᠨ ᠪᠠᠲᠤᠯᠠᠪᠠ
ᠨᠡᠶᠢᠲᠡᠯᠡᠭᠰᠡᠨ ᠴᠠᠭ᠄
2023/11/17
    ᠤᠶᠢᠷ᠎ᠠ ᠶᠢᠨ ᠡᠳᠦᠷ ᠬᠤᠯᠪᠤᠭᠳᠠᠯ ᠪᠦᠬᠦᠢ ᠰᠠᠯᠠᠭ᠎ᠠ ᠮᠦᠴᠢᠷ ᠠᠴᠠ ᠤᠶᠢᠯᠭᠠᠭᠰᠠᠨ ᠢᠶᠠᠷ᠂ ᠲᠦᠷᠦᠭᠦᠦ ᠭᠤᠷᠪᠠᠨ ᠤᠯᠠᠷᠢᠯ ᠳᠤ᠂ ᠪᠦᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠦᠷᠭᠦᠯᠵᠢᠯᠡᠨ ᠰᠠᠶᠢᠵᠢᠷᠠᠵᠤ᠂ ᠭᠤᠤᠯ ᠪᠤᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠪᠦᠬᠦ ᠲᠠᠯ᠎ᠠ  ᠪᠠᠷ ᠨᠡᠮᠡᠭᠳᠡᠵᠤ᠂ ᠡᠵᠡᠩᠨᠡᠯᠲᠡ ᠶᠢᠨ ᠦᠷ᠎ᠡ ᠠᠰᠢᠭ ᠮᠡᠳᠡᠭᠳᠡᠮ᠎ᠡ ᠳᠡᠭᠡᠭᠰᠢᠯᠡᠭᠰᠡᠨ ᠪᠠᠶᠢᠨ᠎ᠠ᠃    ᠠᠵᠤ ᠠᠬᠤᠢ ᠶᠢᠨ ᠭᠤᠤᠯ ᠪᠤᠯᠬᠤ ᠭᠦᠢᠴᠡᠳᠬᠡᠯ ᠲᠤᠭ᠎ᠠ ᠪᠦᠬᠦ ᠲᠠᠯ᠎ᠠ ᠪᠠᠷ ᠨᠡᠮᠡᠭᠳᠡᠪᠡ᠃ ᠲᠦᠷᠦᠭᠦᠦ ᠭᠤᠷᠪᠠᠨ ᠤᠯᠠᠷᠢᠯ ᠳᠤ᠂ ᠪᠦᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠤᠨ ᠡᠳ᠋ ᠬᠥᠷᠦᠩᠭᠡ ᠨᠡᠶᠢᠲᠡ 2633.9 ᠳ᠋ᠦ᠋ᠩᠰᠢᠭᠤᠷ ᠲᠦᠭᠦᠷᠢᠭ  ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ7.4% ᠨᠡᠮᠡᠭᠳᠡᠪᠡ︔ ᠡᠵᠡᠩᠨᠡᠯᠲᠡ ᠶᠢᠨ ᠤᠷᠤᠯᠭ᠎ᠠ 394.8 ᠳ᠋ᠦᠩᠰᠢᠭᠤᠷ ᠲᠦᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.0% ᠨᠡᠮᠡᠭᠳᠡᠪᠡ︔ ᠠᠰᠢᠭ ᠬᠤᠨᠵᠢᠪᠤᠷᠢ ᠶᠢᠨ ᠶᠡᠷᠦᠩᠬᠡᠢ ᠬᠡᠮᠵᠢᠶ᠎ᠡ 171.9 ᠳ᠋ᠦᠩᠰᠢᠭᠤᠷ ᠲᠦᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 96.3% ᠨᠡᠮᠡᠭᠳᠡᠪᠡ︔ ᠠᠵᠢᠯᠳᠠᠨ ᠠᠵᠢᠯᠴᠢᠨ ᠤ ᠦᠭᠬᠦ ᠶᠤᠰᠤᠲᠠᠢ ᠬᠥᠯᠥᠰᠦ ᠮᠥᠩᠭᠦ 49.7 ᠳ᠋ᠦᠩᠰᠢᠭᠤᠷ ᠲᠦᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 15.0% ᠨᠡᠮᠡᠭᠳᠡᠪᠡ︔ ᠨᠡᠶᠢᠲᠡ 47097 ᠠᠵᠢᠯᠴᠢᠨ ᠭᠡᠷᠡᠴᠢᠯᠡᠵᠤ᠂ ᠠᠳᠠᠯᠢ ᠬᠤᠭᠤᠴᠠᠭᠠᠨ ᠤ ᠬᠢ ᠠᠴᠠ 0.8% ᠨᠡᠮᠡᠭᠳᠡᠵᠡᠢ᠃    ᠶᠢᠰᠦᠨ ᠶᠡᠭᠡ ᠠᠵᠢᠯ ᠲᠥᠷᠥᠯ ᠤᠨ ᠤᠷᠤᠯᠭ᠎ᠠ ︽ᠨᠠᠢᠮᠠ ᠨᠡᠮᠡᠭᠳᠡᠵᠤ ᠨᠢᠭᠡ ᠪᠠᠭᠤᠷᠠᠭᠰᠠᠨ︾ ᠪᠠᠶᠢᠳᠠᠯ ᠢᠯᠡᠷᠡᠪᠡ᠃ ᠪᠦᠬᠦ ᠬᠤᠲᠠ ᠶᠢᠨ ᠶᠢᠰᠦᠨ ᠠᠵᠢᠯ ᠲᠥᠷᠥᠯ ᠤᠨ ᠳᠤᠲᠤᠷ᠎ᠠ᠂ ᠵᠠᠮ ᠳᠡᠭᠡᠭᠡᠪᠦᠷᠢ᠂ ᠬᠥᠮᠥᠷᠭᠡᠯᠡᠯᠲᠡ ᠪᠠ ᠰᠢᠦᠳᠠᠨ ᠤ ᠦᠢᠯᠡᠰ ᠢ ᠭᠠᠷᠭᠠᠪᠠᠯ᠂ ᠪᠤᠰᠤᠳ ᠨᠠᠢᠮᠠᠨ ᠠᠵᠢᠯ ᠲᠥᠷᠥᠯ ᠤᠨ ᠬᠢᠨ ᠴᠦᠮ ᠨᠡᠮᠡᠭᠳᠡᠯ ᠢᠶᠠᠨ ᠪᠠᠲᠤᠯᠠᠪᠠ᠃ ᠡᠭᠦᠨ ᠳᠤ᠂ ᠰᠤᠶᠤᠯ᠂ ᠪᠡᠶ᠎ᠡ ᠶᠢᠨ ᠲᠠᠮᠢᠷ ᠪᠠ ᠵᠤᠭ᠎ᠠ ᠴᠡᠩᠬᠡᠯ ᠤᠨ ᠦᠢᠯᠡᠰ᠂ ᠰᠠᠭᠤᠭᠠᠯᠢ ᠠᠷᠠᠳ ᠤᠨ ᠦᠢᠯᠡᠴᠢᠯᠡᠭᠡ᠂ ᠰᠡᠯᠪᠢᠨ ᠵᠠᠰᠠᠯᠲᠠ ᠪᠠ ᠪᠤᠰᠤᠳ ᠦᠢᠯᠡᠴᠢᠯᠡᠭᠡᠨ ᠤ ᠦᠢᠯᠡᠰ ᠤᠨ ᠨᠡᠮᠡᠭᠳᠡᠯ ᠤᠨ ᠬᠡᠮᠵᠢᠶ᠎ᠡ ᠨᠡᠯᠢᠶᠡᠳ ᠲᠦᠷᠭᠡᠨ ᠪᠠᠶᠢᠵᠤ᠂ ᠠᠳᠠᠯᠢ ᠬᠤᠭᠤᠴᠠᠭᠠᠨ ᠤ ᠬᠢ ᠠᠴᠠ ᠲᠤᠰ ᠲᠤᠰ 107.3% ᠪᠠ77.7% ᠪᠠᠷ ᠨᠡᠮᠡᠭᠳᠡᠪᠡ︔ ᠳᠦᠷᠢᠶᠡᠰᠦᠯᠡᠯ ᠪᠠ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠦᠢᠯᠡᠰ᠂ ᠮᠡᠳᠡᠭᠡ ᠵᠠᠩᠬᠢ ᠶᠢᠨ ᠳᠠᠮᠵᠢᠭᠤᠯᠭ᠎ᠠ᠂ ᠵᠦᠭᠡᠯᠡᠨ ᠲᠤᠨᠤᠭ ᠪᠠ ᠮᠡᠳᠡᠭᠡ ᠵᠠᠩᠬᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠬᠤᠪᠢ ᠨᠡᠮᠡᠷᠢ ᠢᠯᠡᠳᠳᠡ ᠪᠠᠶᠢᠵᠤ᠂ ᠬᠡᠪᠴᠢᠶᠡᠵᠢᠯ  ᠠᠴᠠ ᠳᠡᠭᠡᠷᠡᠬᠢ ᠦᠢᠯᠡᠴᠢᠯᠡᠭᠡᠨ ᠤ ᠦᠢᠯᠡᠰ ᠤᠨ ᠤᠷᠤᠯᠭ᠎ᠠ ᠶᠢᠨ ᠵᠠᠭᠤᠨ ᠤ ᠬᠤᠪᠢ ᠶᠢᠨ ᠬᠠᠷᠢᠴᠠᠯ ᠢᠶᠠᠷ 0.8 ᠨᠡᠮᠡᠭᠳᠡᠬᠦ ᠶᠢ ᠳᠠᠶᠢᠴᠢᠯᠠᠪᠠ᠃    ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠬᠤᠪᠢ ᠨᠡᠮᠡᠷᠢ ᠢᠯᠡᠳᠳᠡ ᠪᠤᠯᠪᠠ᠃ ᠪᠦᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠤᠨ ᠳᠤᠲᠤᠷ᠎ᠠ᠂ ᠳᠤᠮᠳᠠ ᠪᠠᠭ᠎ᠠ ᠵᠢᠵᠢᠭ ᠠᠵᠤ ᠠᠬᠤᠶᠢᠯᠠᠯ ᠨᠡᠶᠢᠲᠡ 262 ᠪᠠᠶᠢᠵᠤ᠂ ᠡᠵᠡᠯᠡᠬᠦ ᠬᠠᠷᠢᠴᠠᠯ ᠨᠢ 94.9% ᠳᠤ ᠬᠦᠷᠴᠦ᠂ ᠡᠵᠡᠩᠨᠡᠯᠲᠡ ᠶᠢᠨ ᠤᠷᠤᠯᠭ᠎ᠠ ᠶᠢ ᠨᠡᠶᠢᠲᠡ 267.5 ᠳ᠋ᠦᠩᠰᠢᠭᠤᠷ ᠲᠦᠭᠦᠷᠢᠭ ᠪᠡᠶᠡᠯᠡᠭᠦᠯᠵᠤ᠂ ᠡᠵᠡᠯᠡᠬᠦ ᠬᠠᠷᠢᠴᠠᠯ ᠨᠢ 67.8% ᠳᠤ ᠬᠦᠷᠴᠦ᠂ ᠪᠦᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠤᠷᠤᠯᠭ᠎ᠠ ᠶᠢᠨ ᠨᠡᠮᠡᠭᠳᠡᠯ ᠢ ᠵᠠᠭᠤᠨ ᠤ ᠬᠤᠪᠢ ᠶᠢᠨ ᠬᠠᠷᠢᠴᠠᠯ ᠢᠶᠠᠷ 1.9 ᠳᠠᠶᠢᠴᠢᠯᠠᠪᠠ᠃ ᠳᠤᠮᠳᠠ ᠬᠡᠯᠪᠡᠷᠢ ᠶᠢᠨ ᠠᠵᠤ ᠠᠬᠤᠶᠢᠯᠠᠯ ᠤᠨ ᠡᠵᠡᠩᠨᠡᠯᠲᠡ ᠶᠢᠨ ᠤᠷᠤᠯᠭ᠎ᠠ ᠶᠢᠨ ᠨᠡᠮᠡᠭᠳᠡᠯ ᠤᠨ ᠬᠤᠷᠳᠤᠴᠠ ᠨᠢ ᠴᠦᠮ ᠪᠦᠬᠦ ᠬᠤᠲᠠ ᠶᠢᠨ ᠳᠤᠮᠳᠠᠴᠢ ᠬᠢᠷᠢ ᠳᠥᠪᠰᠢᠨ ᠠᠴᠠ ᠥᠨᠳᠥᠷ ᠪᠠᠶᠢᠵᠤ᠂ ᠠᠳᠠᠯᠢ ᠬᠤᠭᠤᠴᠠᠭᠠᠨ ᠤ ᠬᠢ ᠠᠴᠠ ᠲᠤᠰ ᠲᠤᠰ ᠵᠠᠭᠤᠨ ᠤ ᠬᠤᠪᠢ ᠶᠢᠨ ᠬᠠᠷᠢᠴᠠᠯ ᠢᠶᠠᠷ 8.6 ᠪᠠ 4.4 ᠨᠡᠮᠡᠭᠳᠡᠪᠡ᠃    ᠭᠤᠤᠯᠳᠠᠯᠭ᠎ᠠ ᠲᠠᠢ ᠬᠤᠰᠢᠭᠤ ᠲᠤᠭᠤᠷᠢᠭ ᠤᠨ ᠳᠠᠶᠢᠴᠢᠯᠠᠬᠤ ᠬᠦᠴᠦᠨ ᠳᠡᠭᠦᠯᠳᠡᠷ ᠪᠤᠯᠪᠠ᠃ ᠳ᠋ᠦᠩᠱᠧᠩ ᠲᠤᠭᠤᠷᠢᠭ ᠪᠠ ᠵᠡᠭᠦᠠᠭᠠᠷ ᠬᠤᠰᠢᠭᠤᠨ ᠤ ᠡᠵᠡᠩᠨᠡᠯᠲᠡ ᠶᠢᠨ ᠤᠷᠤᠯᠭ᠎ᠠ ᠨᠡᠯᠢᠶᠡᠳ ᠥᠨᠳᠥᠷ ᠪᠠᠶᠢᠵᠤ᠂ ᠲᠤᠰ ᠲᠤᠰ 36.8% ᠪᠠ 27.0% ᠳᠤ ᠬᠦᠷᠴᠡᠢ᠃ ᠬᠢᠶ᠎ᠠ ᠪᠠᠭᠰᠢ ᠲᠤᠭᠤᠷᠢᠭ᠂ ᠬᠠᠩᠬᠢᠨ ᠬᠤᠰᠢᠭᠤᠨ ᠤ ᠨᠡᠮᠡᠭᠳᠡᠯ ᠤᠨ ᠬᠤᠷᠳᠤᠴᠠ ᠨᠡᠯᠢᠶᠡᠳ ᠲᠦᠷᠭᠡᠨ ᠪᠤᠯᠵᠤ᠂ ᠳᠠᠶᠢᠴᠢᠯᠠᠬᠤ ᠬᠦᠴᠦᠨ ᠳᠡᠭᠦᠯᠳᠡᠷ ᠪᠠᠶᠢᠵᠤ᠂ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠤᠷᠤᠯᠭ᠎ᠠ ᠶᠢᠨ ᠨᠡᠮᠡᠭᠳᠡᠯ ᠢ ᠵᠠᠭᠤᠨ ᠤ ᠬᠤᠪᠢ ᠶᠢᠨ ᠬᠠᠷᠢᠴᠠᠯ ᠢᠶᠠᠷ ᠨᠡᠶᠢᠲᠡ 6.1 ᠨᠡᠮᠡᠭᠳᠡᠪᠡ᠃
ᠢᠷᠡᠯᠲᠡ᠄ ᠣᠷᠳᠤᠰ ᠤᠨ ᠡᠳᠦᠷ ᠤᠨ ᠰᠤᠨᠢᠨ