ᠬᠠᠨᠭ᠍ᠭᠢᠨ ᠬᠤᠰᠢᠭᠤᠨ ᠤ ᠪᠠᠯᠭᠤᠨ ᠪᠠᠯᠭᠠᠰᠤ ᠯᠠᠵᠤᠤ ᠶᠢᠨ ᠠᠵᠤ ᠦᠢᠯᠡᠰ ᠢ ᠶᠡᠭᠡ ᠪᠠᠷ ᠭᠦᠭᠵᠢᠭᠦᠯᠵᠤ ᠪᠠᠶᠢᠨ᠎ᠠ
ᠨᠡᠶᠢᠲᠡᠯᠡᠭᠰᠡᠨ ᠴᠠᠭ᠄
2023/11/18
    ᠰᠢᠨᠠᠪᠠᠯᠭᠠᠰᠤ ᠶᠢᠨ ᠮᠡᠳᠡᠭᠡ ᠣᠶᠢᠷ᠎ᠠ ᠶᠢᠨ ᠵᠢᠯ ᠤᠳ ᠲᠧ᠂ ᠪᠠᠯᠭᠤᠨ ᠪᠠᠯᠭᠠᠰᠤ ᠪᠥᠬᠦ ᠬᠤᠰᠢᠭᠤᠨ ᠤ ︽ᠨᠢᠭᠡ ᠪᠠᠯᠭᠠᠰᠤ ᠨᠢᠭᠡ ᠠᠵᠤ ᠤᠶᠢᠯᠡᠰ᠂ ᠨᠢᠭᠡ ᠲᠣᠰᠬᠤᠨ ᠨᠢᠭᠡ ᠪᠦᠲᠦᠭᠡᠭᠳᠡᠬᠦᠨ ᠲᠠᠢ ᠪᠤᠯᠬᠤ︾ ᠲᠠᠷᠢᠶᠠᠯᠠᠩ ᠮᠠᠯ ᠠᠵᠤ ᠠᠬᠤᠶ ᠶᠢᠨ ᠠᠵᠤ ᠤᠶᠢᠯᠡᠰ ᠤᠨ ᠬᠥᠭᠵᠢᠯᠲᠡ ᠶᠢᠨ ᠰᠡᠳᠭᠢᠴᠨ ᠶᠣᠰᠣᠭᠠᠷ᠂ ᠥᠪᠡᠷᠮᠢᠴᠡ ᠡᠬᠢ ᠪᠠᠶᠠᠯᠢᠭ ᠤᠨ ᠳᠠᠪᠠᠭᠤᠯᠢᠭ᠂ ᠣᠷᠣᠨ ᠪᠠᠶᠢᠷᠢ ᠶᠢᠨ ᠳᠠᠪᠠᠭᠤᠯᠢᠭ ᠪᠠ ᠰᠠᠭᠤᠷᠢ ᠨᠥᠬᠦᠴᠡᠯ ᠳᠤ ᠰᠠᠭᠤᠷᠢᠯᠠᠨ᠂ ᠯᠠᠵᠤᠤ ᠶᠢᠨ ᠠᠵᠤ ᠤᠶᠢᠯᠡᠰ ᠢ ᠶᠡᠭᠡ ᠪᠠᠷ ᠳᠡᠯᠭᠡᠷᠡᠭᠦᠯᠵᠦ᠂ 475 ᠲᠦᠮᠡᠨ ᠲᠥᠭᠦᠷᠢᠭ ᠤᠨ ᠪᠠᠯᠠ ᠣᠷᠣᠭᠤᠯᠤᠨ 32 ᠮᠥ ᠯᠠᠵᠤᠤ ᠶᠢᠨ ᠴᠢᠬᠢ ᠪᠤᠶᠢᠵᠢᠭᠤᠯᠬᠤ ᠰᠠᠭᠤᠷᠢᠨ ᠭᠠᠵᠠᠷ ᠢ ᠪᠠᠶᠢᠭᠤᠯᠵᠤ᠂ ᠭᠦᠷᠤᠰᠤ ᠰᠢᠷᠣᠶ ᠶᠢᠨ ᠴᠢᠨᠠᠷ ᠢᠶᠠᠷ ᠰᠠᠶᠢᠨ᠂ ᠵᠠᠮ ᠬᠠᠷᠢᠯᠴᠠᠭ᠎ᠠ ᠰᠠᠶᠢᠨ᠂ ᠤᠰᠤ ᠠᠷᠪᠢᠯᠠᠵᠤ ᠤᠰᠤᠯᠠᠬᠤ ᠨᠥᠬᠦᠴᠡᠯ ᠲᠠᠢ ᠲᠥᠪᠯᠡᠷᠡᠨ ᠵᠠᠯᠭᠠᠯᠳᠤᠭᠰᠠᠨ ᠲᠦᠮᠡᠨ ᠮᠥ ᠯᠠᠵᠤᠤ ᠳᠠᠷᠢᠬᠤ ᠰᠠᠭᠤᠷᠢᠨ ᠭᠠᠵᠠᠷ ᠢ ᠪᠠᠶᠢᠭᠤᠯᠵᠤ᠂ 840 ᠲᠦᠮᠡᠨ ᠲᠥᠭᠦᠷᠢᠭ ᠤᠨ ᠪᠠᠯᠠ ᠣᠷᠣᠭᠤᠯᠤᠨ ᠬᠠᠲᠠᠭᠠᠬᠤ᠂ ᠰᠢᠭᠰᠢᠨ ᠰᠣᠩᠭᠤᠬᠤ᠂ ᠨᠥᠭᠡᠴᠡᠯᠡᠬᠦ ᠵᠡᠷᠭᠡ ᠴᠢᠳᠠᠮᠵᠢ ᠲᠠᠢ ᠯᠠᠵᠤᠤ ᠪᠤᠯᠪᠠᠰᠤᠷᠠᠭᠤᠯᠬᠤ ᠤᠶᠢᠯᠡᠳᠪᠤᠷᠢ ᠪᠠᠶᠢᠭᠤᠯᠤᠨᠨᠰᠠᠨ ᠪᠠᠶᠢᠨ᠎ᠠ᠃    2023 ᠣᠨ ᠳᠤ᠂ ᠪᠠᠯᠭᠤᠨ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠥᠪᠥᠷ ᠮᠣᠩᠭᠤᠯ ᠤᠨ ᠬᠤᠤ ᠢᠦᠶ ᠲᠢᠶᠠᠨ ᠵᠢᠶᠤᠤ ᠲᠠᠷᠢᠶᠠᠯᠠᠩ ᠤᠨ ᠬᠢᠵᠠᠭᠠᠷᠲᠤ ᠺᠣᠮᠫᠠᠨᠢ ᠢᠢ ᠢᠳᠡᠪᠬᠢᠲᠡᠶ ᠪᠠᠷ ᠣᠷᠣᠭᠤᠯᠤᠨ ᠠᠪᠴᠢᠷᠠᠵᠤ᠂ ᠨᠢᠭᠡᠳᠦᠯᠲᠡᠶ ᠴᠢᠬᠢ ᠪᠤᠶᠢᠵᠢᠭᠤᠯᠬᠤ᠂ ᠨᠢᠭᠡᠳᠦᠯᠲᠡᠶ ᠰᠢᠯᠵᠢᠭᠦᠯᠦᠨ ᠵᠠᠶᠢᠯᠠᠬᠤ᠂ ᠨᠢᠭᠡᠳᠦᠯᠲᠡᠶ ᠵᠢᠯᠣᠭᠤᠳᠬᠤ᠂ ᠨᠢᠭᠡᠳᠦᠯᠲᠡᠶ ᠬᠤᠳᠠᠯᠳᠤᠨ ᠠᠪᠬᠤ᠂ ᠨᠢᠭᠡᠳᠦᠯᠲᠡᠶ ᠪᠣᠯᠪᠠᠰᠤᠷᠠᠭᠤᠯᠬᠤ ᠵᠡᠷᠭᠡ ᠪᠦᠬᠦᠯᠢ ᠴᠤᠨᠨᠴᠠᠳᠤ ᠤᠶᠢᠯᠡᠴᠢᠯᠡᠭᠡᠨ ᠤ ᠵᠠᠬᠢᠶᠠᠯᠠᠭ᠎ᠠ ᠶᠢᠨ ᠲᠠᠷᠢᠶᠠᠯᠠᠩ ᠤᠨ ᠬᠥᠭᠵᠢᠯᠲᠡ ᠶᠢᠨ ᠵᠠᠭᠪᠤᠷ ᠢᠶᠠᠷ ᠳᠠᠮᠵᠢᠭᠤᠯᠤᠨ᠂ 4000 ᠮᠥ ᠯᠠᠵᠤᠤ ᠲᠠᠷᠢᠨᠨᠰᠠᠨ ᠪᠠᠶᠢᠨ᠎ᠠ᠃ ᠮᠦ ᠪᠦᠷᠢ ᠶᠢᠨ ᠤᠨᠠᠯᠲᠠ ᠨᠢ 1000 ᠵᠢᠩ ᠣᠷᠴᠢᠮ ᠪᠠᠶᠢᠵᠤ᠂ ᠮᠦ ᠪᠦᠷᠢ ᠶᠢᠨ ᠣᠷᠣᠯᠭ᠎ᠠ ᠨᠢ ᠪᠠᠷᠤᠭ 5500 ᠲᠥᠭᠦᠷᠢᠭ ᠣᠷᠴᠢᠮ ᠬᠦᠷᠴᠤ ᠪᠤᠢ᠃    ᠳᠠᠷᠠᠭᠠᠴᠢ ᠶᠢᠨ ᠠᠯᠬᠤᠮ ᠳᠤ᠂ ᠪᠠᠯᠭᠤᠨ ᠪᠠᠯᠭᠠᠰᠤ ︽ᠲᠠᠷᠢᠶᠠᠯᠠᠩ ᠤᠨ ᠪᠦᠲᠦᠭᠡᠭᠳᠡᠬᠦᠨ ᠤ ᠦᠷᠳᠡᠭ ᠢ ᠨᠡᠮᠡᠭᠳᠡᠭᠦᠯᠬᠦ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ᠂ ᠮᠠᠯ ᠠᠵᠤ ᠠᠬᠤᠢ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ︾ ᠬᠥᠭᠵᠢᠯᠲᠡ ᠶᠢᠨ ᠰᠡᠳᠭᠢᠴᠡ ᠪᠠᠷ᠂ ᠥᠨᠳᠥᠷ ᠦᠷ᠎ᠡ ᠠᠰᠢᠭ ᠲᠠᠢ ᠲᠠᠷᠢᠶᠠᠯᠠᠩ᠂ ᠤᠨᠴᠠᠯᠢᠬᠳᠤ ᠲᠠᠷᠢᠶᠠᠯᠠᠩ᠂ ᠲᠦᠬᠦᠭᠡᠷᠦᠮᠵᠢᠳᠤ ᠲᠠᠷᠢᠶᠠᠯᠠᠩ ᠢᠶᠠᠷ ᠭᠤᠣᠯᠳᠠᠯᠭ᠎ᠠ ᠪᠣᠯᠭᠠᠵᠤ᠂ ᠯᠠᠵᠤᠤ ᠲᠠᠷᠢᠬᠤ ᠬᠡᠪᠴᠢᠶᠡᠵᠢᠯ ᠢᠶᠠᠨ ᠠᠯᠬᠤᠮ ᠠᠯᠬᠤᠮ ᠢᠶᠠᠷ ᠥᠷᠭᠡᠳᠭᠡᠵᠦ᠂ 2025 ᠣᠨ ᠪᠣᠯᠬᠤ ᠳᠤ ᠲᠠᠷᠢᠬᠤ ᠲᠠᠯᠠᠪᠠᠢ ᠶᠢ 2 ᠲᠦᠮᠡᠨ ᠮᠦ ᠳᠤ ᠬᠦᠷᠭᠡᠵᠦ᠂ ᠲᠠᠷᠢᠶᠠᠴᠢᠳ ᠢ ᠪᠠᠶᠠᠵᠢᠨ ᠴᠢᠨᠡᠭᠡᠯᠢᠭᠵᠢᠬᠦᠯᠬᠦ᠂ ᠬᠠᠮᠲᠤ ᠶᠢᠨ ᠣᠷᠣᠯᠭ᠎ᠠ ᠶᠢ ᠨᠡᠮᠡᠭᠳᠡᠭᠦᠯᠬᠦ᠂ ᠠᠵᠤ ᠠᠬᠤᠶᠢᠯᠠᠯ ᠤᠨ ᠦᠷ᠎ᠡ ᠠᠰᠢᠭ ᠢ ᠨᠡᠮᠡᠭᠳᠡᠭᠦᠯᠬᠦ ᠶᠢ ᠪᠡᠶᠡᠯᠡᠭᠦᠯᠬᠦ ᠪᠠᠷ ᠲᠥᠯᠥᠪᠯᠡᠵᠦ ᠪᠤᠢ᠃
ᠢᠷᠡᠯᠲᠡ᠄ ᠤᠷᠳᠤᠰ ᠤᠨ ᠡᠳᠤᠷ ᠤᠨ ᠰᠤᠨᠢᠨ