ᠲᠦᠷᠦᠭᠦᠦ ᠭᠤᠷᠪᠠᠨ ᠤᠯᠠᠷᠢᠯ ᠳᠤ ᠮᠠᠨ ᠤ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠲᠤᠬᠳᠠᠭᠤᠨ ᠡᠷᠬᠢᠯᠲᠡ ᠪᠠᠨ ᠪᠠᠳᠤᠯᠠᠪᠠ
ᠨᠡᠶᠢᠲᠡᠯᠡᠭᠰᠡᠨ ᠴᠠᠭ᠄
2023/11/18
    ᠬᠢᠶ᠎ᠠ ᠪᠠᠭᠰᠢ ᠶᠢᠨ ᠮᠡᠳᠡᠭᠡ ᠰᠤᠷᠪᠤᠯᠵᠢᠯᠠᠬᠴᠢ ᠣᠶᠢᠷ᠎ᠠ ᠶᠢᠨ ᠡᠳᠦᠷ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠣᠶᠢᠯᠠᠭᠠᠭᠰᠠᠨ ᠢᠶᠠᠷ᠂ ᠲᠦᠷᠦᠭᠦᠦ ᠭᠤᠷᠪᠠᠨ ᠤᠯᠠᠷᠢᠯ ᠳᠤ᠂ ᠪᠦᠬᠦ ᠬᠤᠳᠠ ᠶᠢᠨ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠦᠷᠭᠦᠯᠵᠢᠯᠡᠨ ᠰᠡᠶᠢᠵᠢᠷᠠᠵᠤ᠂ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠪᠦᠬᠦ ᠲᠠᠯ᠎ᠠ ᠪᠠᠷ ᠨᠡᠮᠡᠭᠳᠡᠵᠦ᠂ ᠡᠵᠡᠩᠨᠡᠯᠲᠡ ᠶᠢᠨ ᠦᠷ᠎ᠡ ᠠᠰᠢᠭ ᠮᠡᠳᠡᠭᠳᠡᠮ᠎ᠡ ᠳᠡᠭᠡᠭᠰᠢᠯᠡᠭᠰᠡᠨ ᠪᠠᠶᠢᠨ᠎ᠠ᠃    ᠠᠵᠤ ᠠᠬᠤᠢ ᠶᠢᠨ ᠭᠤᠣᠯ ᠪᠤᠯᠬᠤ ᠭᠦᠢᠴᠡᠳᠬᠡᠯ ᠲᠤᠭ᠎ᠠ ᠪᠦᠬᠦ ᠲᠠᠯ᠎ᠠ ᠪᠠᠷ ᠨᠡᠮᠡᠭᠳᠡᠪᠡ᠃ ᠲᠦᠷᠦᠭᠦᠤ ᠭᠤᠷᠪᠠᠨ ᠤᠯᠠᠷᠢᠯ ᠳᠤ᠂ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠤᠨ ᠡᠳ᠋ ᠬᠥᠷᠥᠩᠭᠡ ᠨᠡᠶᠢᠲᠡ 2633.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.4% ᠨᠡᠮᠡᠭᠳᠡᠪᠡ︔ ᠡᠵᠡᠩᠨᠡᠯᠲᠡ ᠶᠢᠨ ᠣᠷᠣᠯᠭ᠎ᠠ 394.8 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.0% ᠨᠡᠮᠡᠭᠳᠡᠪᠡ︔ ᠠᠰᠢᠭ ᠬᠤᠨᠵᠢᠪᠤᠷᠢ ᠶᠢᠨ ᠶᠡᠷᠦᠩᠬᠡᠢ ᠬᠡᠮᠵᠢᠶ᠎ᠡ 171.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 96.3% ᠨᠡᠮᠡᠭᠳᠡᠪᠡ︔ ᠠᠵᠢᠯᠲᠠᠨ ᠠᠵᠢᠯᠴᠢᠨ ᠤ ᠥᠭᠬᠦ ᠶᠣᠰᠣᠲᠠᠢ ᠬᠦᠯᠦᠰᠦ ᠮᠦᠡᠭᠭᠦ 49.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 15.0% ᠨᠡᠮᠡᠭᠳᠡᠪᠡ︔ ᠨᠡᠶᠢᠳᠡ 47097 ᠠᠵᠢᠯᠴᠢᠨ ᠬᠡᠷᠡᠭᠯᠡᠵᠦ᠂ ᠠᠳᠠᠯᠢ ᠬᠤᠭᠤᠴᠠᠭᠠᠨ ᠤ ᠬᠢ ᠠᠴᠠ 0.8% ᠨᠡᠮᠡᠭᠳᠡᠵᠡᠢ᠃    ᠶᠢᠰᠤᠨ ᠶᠡᠭᠡ ᠠᠵᠢᠯ ᠲᠦᠷᠦᠯ ᠤᠨ ᠣᠷᠣᠯᠭ᠎ᠠ ︽ᠨᠠᠢᠮᠠ ᠨᠡᠮᠡᠭᠳᠡᠵᠦ ᠨᠢᠭᠡ ᠪᠠᠭᠤᠷᠠᠬᠰᠠᠨ︾ ᠪᠠᠶᠢᠳᠠᠯ ᠢᠯᠡᠷᠡᠪᠡ᠃ ᠪᠥᠬᠦ ᠬᠤᠲᠠ ᠶᠢᠨ ᠵᠢᠰᠦᠨ ᠠᠵᠢᠯ ᠲᠥᠷᠥᠯ ᠤᠨ ᠳᠣᠲᠣᠷ᠎ᠠ᠂ ᠵᠠᠮ ᠲᠡᠭᠡᠭᠡᠪᠦᠷᠢ᠂ ᠬᠥᠮᠥᠷᠭᠡᠯᠡᠯᠲᠡ ᠪᠠ ᠰᠢᠤᠳᠠᠨ ᠤ ᠦᠢᠯᠡᠰ ᠢ ᠭᠠᠷᠭᠠᠪᠠᠯ᠂ ᠪᠤᠰᠤᠳ ᠨᠠᠢᠮᠠᠨ ᠠᠵᠢᠯ ᠲᠥᠷᠥᠯ ᠤᠨ ᠬᠢᠨ ᠴᠥᠮ ᠨᠡᠮᠡᠭᠳᠡᠯ ᠢᠶᠠᠨ ᠪᠠᠲᠤᠯᠠᠪᠠ᠃ ᠡᠭᠦᠨ ᠳᠤ᠂ ᠰᠣᠶᠣᠯ᠂ ᠪᠡᠶ᠎ᠡ ᠶᠢᠨ ᠲᠠᠮᠢᠷ ᠪᠠ ᠵᠤᠭ᠎ᠠ ᠴᠡᠩᠭᠡᠯ ᠤᠨ ᠦᠢᠯᠡᠰ᠂ ᠰᠠᠭᠤᠭᠠᠯᠢ ᠠᠷᠠᠳ ᠤᠨ ᠦᠢᠯᠡᠴᠢᠯᠡᠭᠡ᠂ ᠰᠡᠯᠪᠢᠨ ᠵᠠᠰᠠᠯᠲᠠ ᠪᠠ ᠪᠤᠰᠤᠳ ᠦᠢᠯᠡᠴᠢᠯᠡᠭᠡᠨ ᠤ ᠦᠢᠯᠡᠰ ᠤᠨ ᠨᠡᠮᠡᠭᠳᠡᠯ ᠤᠨ ᠬᠡᠮᠵᠢᠶ᠎ᠡ ᠨᠡᠯᠢᠶᠡᠳ ᠲᠦᠷᠭᠡᠨ ᠪᠠᠶᠢᠵᠤ᠂ ᠠᠳᠠᠯᠢ ᠬᠤᠭᠤᠴᠠᠭᠠᠨ ᠤ ᠬᠢ ᠠᠴᠠ ᠲᠣᠰ ᠲᠣᠰ 107.3% ᠪᠠ 77.7% ᠪᠠᠷ ᠨᠡᠮᠡᠭᠳᠡᠪᠡ︔ ᠲᠦᠷᠢᠶᠡᠰᠦᠯᠡᠯ ᠪᠠ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠦᠢᠯᠡᠰ᠂ ᠮᠡᠳᠡᠭᠡ ᠵᠠᠩᠭᠢ ᠶᠢᠨ ᠳᠠᠮᠵᠢᠭᠤᠯᠭ᠎ᠠ᠂ ᠵᠥᠭᠡᠯᠡᠨ ᠲᠣᠨᠤᠭ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠬᠤᠪᠢ ᠨᠡᠮᠡᠷᠢ ᠢᠯᠡᠳᠲᠡ ᠪᠠᠶᠢᠵᠤ᠂ ᠬᠡᠪᠴᠢᠶᠡᠵᠢᠯ ᠠᠴᠠ ᠳᠡᠭᠡᠷᠡᠬᠢ ᠦᠢᠯᠡᠴᠢᠯᠡᠭᠡᠨ ᠤ ᠦᠢᠯᠡᠰ ᠤᠨ ᠣᠷᠣᠯᠭ᠎ᠠ ᠶᠢᠨ ᠵᠠᠭᠤᠨ ᠤ ᠬᠤᠪᠢ ᠶᠢᠨ ᠬᠠᠷᠢᠴᠠᠯ ᠢᠶᠠᠷ 0.8 ᠨᠡᠮᠡᠭᠳᠡᠬᠦ ᠶᠢ ᠳᠠᠶᠢᠴᠢᠯᠠᠪᠠ᠃    ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠬᠤᠪᠢ ᠨᠡᠮᠡᠷᠢ ᠢᠯᠡᠳᠲᠡ ᠪᠣᠯᠪᠠ᠃ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠤᠨ ᠳᠣᠲᠣᠷ᠎ᠠ᠂ ᠳᠤᠮᠳᠠ ᠪᠠᠭ᠎ᠠ ᠵᠢᠵᠢᠭ ᠠᠵᠤ ᠠᠬᠤᠶᠢᠯᠠᠯ ᠨᠡᠶᠢᠲᠡ 262 ᠪᠠᠶᠢᠵᠤ᠂ ᠡᠵᠡᠯᠡᠬᠦ ᠬᠠᠷᠢᠴᠠᠯ ᠨᠢ 94.9% ᠳᠤ ᠬᠦᠷᠴᠦ᠂ ᠡᠵᠡᠩᠨᠡᠯᠲᠡ ᠶᠢᠨ ᠣᠷᠣᠯᠭ᠎ᠠ ᠶᠢ ᠨᠡᠶᠢᠲᠡ 267.5 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠡᠵᠡᠯᠡᠬᠦ ᠬᠠᠷᠢᠴᠠᠯ ᠨᠢ 67.8% ᠳᠤ ᠬᠦᠷᠴᠦ᠂ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠣᠷᠣᠯᠭ᠎ᠠ ᠶᠢᠨ ᠨᠡᠮᠡᠭᠳᠡᠯ ᠢ ᠵᠠᠭᠤᠨ ᠤ ᠬᠤᠪᠢ ᠶᠢᠨ ᠬᠠᠷᠢᠴᠠᠯ ᠢᠶᠠᠷ 1.9 ᠳᠠᠶᠢᠴᠢᠯᠠᠪᠠ᠃ ᠳᠤᠮᠳᠠ ᠬᠡᠯᠪᠡᠷᠢ ᠶᠢᠨ ᠠᠵᠤ ᠠᠬᠤᠶᠢᠯᠠᠯ ᠪᠠ ᠪᠠᠭ᠎ᠠ ᠬᠡᠯᠪᠡᠷᠢ ᠶᠢᠨ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠨᠢ ᠴᠥᠮ ᠪᠥᠬᠦ ᠬᠤᠲᠠ ᠶᠢᠨ ᠳᠤᠮᠳᠠᠴᠢ ᠬᠢᠷᠢ ᠲᠦᠪᠰᠢᠨ ᠠᠴᠠ ᠥᠨᠳᠥᠷ ᠪᠠᠶᠢᠵᠤ᠂ ᠠᠳᠠᠯᠢ ᠬᠤᠭᠤᠴᠠᠭᠠᠨ ᠤ ᠬᠢ ᠠᠴᠠ ᠲᠣᠰ ᠲᠣᠰ ᠵᠠᠭᠤᠨ ᠤ ᠬᠤᠪᠢ ᠶᠢᠨ ᠬᠠᠷᠢᠴᠠᠯ ᠢᠶᠠᠷ 8.6 ᠪᠠ 4.4 ᠨᠡᠮᠡᠭᠳᠡᠪᠡ᠃ 
ᠢᠷᠡᠯᠲᠡ᠄ ᠤᠷᠳᠤᠰ ᠤᠨ ᠡᠳᠤᠷ ᠤᠨ ᠰᠤᠨᠢᠨ