ᠥᠪᠥᠷ ᠮᠤᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠰᠢᠨ᠎ᠡ ᠡᠨᠧᠷᠬᠢ ᠶᠢᠨ ᠳᠡᠭᠡᠳᠦ ᠰᠤᠷᠭᠠᠭᠤᠯᠢ ᠫᠠᠶᠢᠰᠠ ᠰᠡᠭᠦᠪᠡ
ᠨᠡᠶᠢᠲᠡᠯᠡᠭᠰᠡᠨ ᠴᠠᠭ᠄
2023/11/20
    1 ᠰᠠᠷ᠎ᠠ ᠶᠢᠨ 18᠎ ᠤ ᠡᠳᠦᠷ ᠤᠨ ᠦᠳᠡ ᠶᠢᠨ ᠡᠮᠦᠨ᠎ᠡ᠂ ᠥᠪᠥᠷ ᠮᠤᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠬᠢᠭᠡᠳ ᠤᠷᠳᠤᠰ ᠬᠤᠲᠠ ᠎ ᠶᠢᠨ ᠠᠷᠠᠳ ᠤᠨ ᠵᠠᠰᠠᠭ ᠤᠨ ᠤᠷᠳᠤᠨ ᠤᠷᠳᠤᠰ ᠤᠨ ᠤᠯᠠᠨ ᠤᠯᠤᠰ ᠤᠨ ᠬᠤᠷᠠᠯ ᠤᠨ ᠦᠵᠡᠰᠬᠦᠯᠡᠩ ᠤᠨ ᠲᠥᠪ ᠲᠤ ᠰᠢᠨ᠎ᠡ ᠡᠨᠧᠷᠬᠢ ᠶᠢᠨ ᠳᠡᠭᠡᠳᠦ ᠰᠤᠷᠭᠠᠭᠤᠯᠢ ᠶᠢ ᠬᠠᠮᠲᠤ ᠪᠠᠷ ᠪᠠᠶᠢᠭᠤᠯᠬᠤ ᠭᠡᠷ᠎ᠡ ᠲᠤᠭᠲᠠᠬᠤ ᠵᠢᠴᠢ ᠫᠠᠶᠢᠰᠠ ᠰᠡᠬᠦᠬᠦ ᠶᠤᠰᠤᠯᠠᠯ ᠶᠠᠪᠤᠭᠤᠯᠵᠠᠢ᠃
微信图片_20231120163109.jpg
    ᠤᠷᠳᠤᠰ ᠬᠤᠲᠠ ᠪᠦᠬᠦ ᠤᠯᠤᠰ ᠤᠨ ᠴᠢᠬᠤᠯᠠ ᠡᠨᠧᠷᠬᠢ ᠶᠢᠨ ᠰᠠᠭᠤᠷᠢᠨ ᠪᠤᠯᠤᠭᠰᠠᠨ ᠤ ᠬᠤᠪᠢ ᠳᠤ᠂ ᠪᠠᠶᠢᠭᠠᠯᠢ ᠶᠢᠨ ᠡᠬᠢ ᠪᠠᠶᠠᠯᠢᠭ ᠪᠠ ᠠᠵᠤ ᠦᠢᠯᠡᠰ ᠤᠨ ᠳᠠᠪᠠᠭᠤᠯᠢᠭ ᠲᠠᠢ᠂ ᠥᠪᠥᠷ ᠮᠤᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠨᠢ ᠡᠨᠧᠷᠬᠢ ᠶᠢᠨ ᠰᠤᠷᠪᠤᠯᠵᠢ᠂ ᠬᠢᠮᠢ ᠶᠢᠨ ᠠᠵᠤ ᠦᠢᠯᠡᠳᠪᠦᠷᠢ ᠵᠡᠷᠭᠡ ᠬᠦᠷᠢᠶ᠎ᠡ ᠴᠠᠷᠠᠭ᠎ᠠ ᠳᠤ ᠥᠨᠳᠥᠷ ᠬᠢᠷᠢ ᠳᠥᠪᠰᠢᠨ ᠪᠦᠬᠦᠢ ᠴᠢᠳᠠᠪᠤᠷᠢᠲᠠᠨ ᠬᠦᠮᠦᠵᠢᠭᠦᠯᠬᠦ ᠰᠢᠰᠲ᠋ᠧᠮ᠂ ᠪᠦᠷᠢᠨ ᠳᠡᠭᠦᠯᠳᠡᠷ ᠰᠢᠨᠵᠢᠯᠡᠭᠡᠨ ᠤ ᠰᠠᠯᠠᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠲᠤ ᠰᠠᠭᠤᠷᠢ ᠲᠠᠢ ᠪᠠᠶᠢᠳᠠᠭ᠃ ᠡᠶᠢᠮᠦ ᠠᠴᠠ ᠬᠤᠶᠠᠷ ᠲᠠᠯ᠎ᠠ ᠪᠠᠷ ᠢᠶᠠᠨ ᠬᠠᠮᠳᠤᠷᠠᠵᠤ ᠰᠢᠨ᠎ᠡ ᠡᠨᠧᠷᠬᠢ ᠶᠢᠨ ᠳᠡᠭᠡᠳᠦ ᠰᠤᠷᠭᠠᠭᠤᠯᠢ ᠪᠠᠶᠢᠭᠤᠯᠤᠭᠰᠠᠨ ᠨᠢ᠂ ᠮᠠᠨ ᠤ ᠤᠷᠤᠨ ᠤ ᠰᠢᠨ᠎ᠡ ᠡᠨᠧᠷᠬᠢ ᠶᠢᠨ ᠴᠢᠳᠠᠪᠤᠷᠢᠲᠠᠨ ᠢ ᠬᠦᠮᠦᠵᠢᠭᠦᠯᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠯ᠎ᠠ ᠪᠠᠷ ᠬᠢ ᠳᠤᠳᠠᠭᠤᠳᠠᠯ ᠢ ᠨᠥᠬᠦᠪᠦᠷᠢᠯᠡᠵᠤ᠂ ᠰᠤᠷᠭᠠᠭᠤᠯᠢ ᠤᠷᠤᠨ ᠨᠤᠲᠤᠭ ᠬᠤᠯᠪᠤᠭᠠᠯᠠᠨ ᠰᠤᠷᠭᠠᠭᠤᠯᠢ ᠡᠷᠬᠢᠯᠡᠬᠦ ᠶᠢ ᠠᠬᠢᠭᠤᠯᠤᠨ᠂ ᠥᠪᠡᠷᠲᠡᠭᠡᠨ ᠵᠠᠰᠠᠬᠤ ᠤᠷᠤᠨ ᠤ ᠰᠢᠨ᠎ᠡ ᠡᠨᠧᠷᠬᠢ ᠶᠢᠨ ᠠᠵᠤ ᠦᠢᠯᠡᠰ ᠤᠨ ᠬᠥᠭᠵᠢᠨ ᠪᠤᠵᠠᠭᠠᠶᠢᠷᠠᠬᠤ ᠪᠠ ᠦᠢᠯᠡᠳᠪᠦᠷᠢᠯᠡᠯ ᠵᠢᠭᠠᠨ ᠰᠤᠷᠭᠠᠯᠲᠠ ᠶᠢᠨ ᠠᠭᠤᠰᠤᠯᠴᠠᠯ ᠤᠨ ᠲᠡᠰ ᠳᠡᠪᠰᠢᠬᠦ ᠶᠢ ᠬᠦᠴᠦᠲᠡᠢ ᠠᠬᠢᠭᠤᠯᠵᠤ᠂ ᠥᠪᠡᠷᠲᠡᠭᠡᠨ ᠵᠠᠰᠠᠬᠤ ᠤᠷᠤᠨ ᠤ ᠳᠡᠭᠡᠳᠦ ᠵᠡᠷᠭᠡ ᠶᠢᠨ ᠰᠤᠷᠭᠠᠨ ᠬᠦᠮᠦᠵᠢᠯ ᠤᠨ ᠪᠠᠶᠢᠷᠢᠰᠢᠭᠤᠯᠤᠯᠳᠠ ᠶᠢ ᠰᠢᠯᠢᠳᠡᠭᠵᠢᠭᠦᠯᠬᠦ ᠪᠠ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠶᠢ ᠠᠬᠢᠭᠤᠯᠵᠠᠢ᠃ ᠳᠠᠷᠠᠭᠠᠴᠢ ᠶᠢᠨ ᠠᠯᠬᠤᠮ ᠳᠤ᠂ ᠲᠤᠰ ᠰᠢᠨ᠎ᠡ ᠡᠨᠧᠷᠬᠢ ᠶᠢᠨ ᠳᠡᠭᠡᠳᠦ ᠰᠤᠷᠭᠠᠭᠤᠯᠢ ᠨᠢ ᠥᠪᠡᠷᠲᠡᠭᠡᠨ ᠵᠠᠰᠠᠬᠤ ᠤᠷᠤᠨ ᠤ ᠰᠢᠨ᠎ᠡ ᠡᠨᠧᠷᠬᠢ ᠶᠢᠨ ᠠᠵᠤ ᠦᠢᠯᠡᠰ ᠤᠨ ᠪᠠᠶᠢᠷᠢᠰᠢᠭᠤᠯᠤᠯᠳᠠ ᠪᠠ ᠤᠷᠳᠤᠰ ᠬᠤᠲᠠ ᠶᠢᠨ ︽ᠳᠥᠷᠪᠡᠨ ᠳᠡᠯᠡᠬᠡᠢ ᠶᠢᠨ ᠲᠡᠰ ᠤᠨ ᠠᠵᠤ ᠦᠢᠯᠡᠰ︾᠎ ᠢ ᠴᠤᠭᠴᠠᠯᠠᠬᠤ ᠳᠤ ᠠᠩᠬᠠᠷᠤᠯ ᠢᠶᠠᠨ ᠲᠥᠪᠯᠡᠷᠡᠭᠦᠯᠦᠨ᠂ ᠥᠪᠡᠷᠲᠡᠭᠡᠨ ᠵᠠᠰᠠᠬᠤ ᠤᠷᠤᠨ ᠴᠢᠨᠠᠭᠰᠢᠯᠠᠪᠠᠯ ᠪᠦᠬᠦ ᠤᠯᠤᠰ ᠤᠨ ᠰᠢᠨ᠎ᠡ ᠡᠨᠧᠷᠬᠢ ᠶᠢᠨ ᠬᠦᠷᠢᠶᠠᠨ ᠳᠠᠬᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠭᠤᠯᠤᠮᠳᠠ᠂ ᠴᠢᠳᠠᠪᠤᠷᠢᠲᠠᠨ ᠬᠦᠮᠦᠵᠢᠭᠦᠯᠬᠦ ᠥᠯᠥᠭᠡᠢ ᠪᠠ ᠦᠢᠯᠡᠳᠪᠦᠷᠢᠯᠡᠯ ᠵᠢᠭᠠᠨ ᠰᠤᠷᠭᠠᠯᠳᠠ ᠶᠢ ᠠᠭᠤᠰᠤᠯᠴᠠᠭᠤᠯᠬᠤ ᠵᠢᠱᠢᠶ᠎ᠡ ᠦᠵᠡᠭᠦᠯᠬᠦ ᠰᠠᠭᠤᠷᠢᠨ ᠪᠤᠯᠬᠤ ᠪᠠᠷ ᠴᠢᠷᠮᠠᠶᠢᠨ᠎ᠠ᠃
微信图片_20231120163119.jpg
微信图片_20231120163124.jpg
ᠢᠷᠡᠯᠲᠡ᠄ ᠥᠪᠥᠷ ᠮᠤᠩᠭᠤᠯ ᠤᠨ ᠡᠳᠦᠷ ᠤᠨ ᠰᠤᠨᠢᠨ