ᠤᠶᠢᠷ᠎ᠠ ᠶᠢᠨ ᠡᠳᠤᠷ᠂ ᠤᠷᠳᠤᠰ ᠬᠤᠳᠠ ᠶᠢᠨ ᠲᠠᠪᠤᠳᠤᠭᠠᠷ ᠬᠤᠭᠤᠴᠠᠭᠠᠨ ᠤ ᠰᠤᠶᠤᠯ ᠤᠨ ᠠᠵᠦ ᠦᠢᠯᠡᠰ ᠤᠨ ᠦᠵᠡᠭᠦᠯᠭᠡ ᠪᠠ ᠠᠷᠠᠯᠵᠢᠶᠠᠨ ᠤ ᠴᠤᠭᠯᠠᠭᠠᠨ | ᠠᠮᠵᠢᠯᠲᠠ ᠲᠠᠢ ᠦᠨᠳᠦᠷᠯᠡᠵᠦ᠂ ᠪᠦᠬᠦ ᠬᠤᠳᠠ ᠶᠢᠨ 9 ᠬᠤᠰᠢᠭᠤ ᠲᠤᠭᠤᠷᠢᠭ ᠤᠨ ᠬᠢᠨ ᠲᠦᠯᠦᠭᠡᠯᠡᠬᠦ ᠴᠢᠨᠠᠷᠲᠠᠢ ᠪᠤᠲᠠᠰ ᠤᠨ ᠪᠤᠰᠤ ᠰᠤᠶᠤᠯ ᠤᠨ ᠦᠪ ᠤᠨ ᠤᠷ᠎ᠠ | ᠮᠡᠷᠭᠡᠵᠢᠯ᠂ ᠰᠤᠶᠤᠯ ᠤᠨ ᠪᠦᠳᠦᠭᠡᠯᠴᠢ ᠰᠡᠳᠭᠢᠮᠵᠢ᠂ ᠦᠨᠳᠤᠰᠤᠲᠡᠨ ᠤ ᠤᠯᠠᠮᠵᠢᠯᠠᠯᠳᠤ ᠰᠤᠶᠤᠯ ᠢ ᠢᠯᠡᠷᠡᠭᠦᠯᠦᠭᠰᠡᠨ 800 ᠭᠠᠷᠤᠢ ᠲᠦᠷᠦᠯ ᠤᠨ ᠦᠵᠡᠭᠦᠯᠭᠡ ᠶᠢᠨ | ᠪᠤᠲᠠᠰ ᠢ ᠲᠦᠪᠯᠡᠷᠡᠭᠦᠯᠦᠨ ᠲᠡᠯᠭᠡᠨ ᠦᠵᠡᠭᠦᠯᠵᠦ᠂ ᠰᠤᠶᠤᠯ ᠵᠤᠭᠠᠴᠠᠯ ᠤᠨ ᠠᠭᠤᠰᠤᠯᠴᠠᠯ᠂ ᠬᠡᠷᠡᠭᠯᠡᠭᠡ ᠶᠢ ᠲᠠᠶᠢᠴᠢᠯᠠᠨ ᠲᠠᠭᠠᠭᠤᠯᠬᠤ᠂ ᠤᠷᠤᠨ ᠨᠤᠳᠤᠭ ᠤᠨ | ᠨᠡᠷᠡᠳᠤ ᠲᠡᠮᠳᠡᠭᠳᠤ ᠪᠠᠨ ᠤᠬᠠᠭᠤᠯᠵᠦ ᠲᠠᠨᠢᠯᠴᠠᠭᠤᠯᠬᠤ ᠵᠡᠷᠭᠡ ᠲᠠᠯ᠎ᠠ ᠪᠠᠷ ᠢᠲᠡᠪᠬᠢᠲᠠᠢ ᠦᠢᠯᠡᠳᠦᠯ ᠦᠵᠡᠭᠦᠯᠦᠨ᠂ ᠤᠷᠳᠤᠰ ᠬᠤᠳᠠ ᠶᠢᠨ ᠰᠤᠶᠤᠯ ᠤᠨ ᠤᠨᠴᠠᠯᠢᠭ | ᠪᠠ ᠠᠵᠦ ᠦᠢᠯᠡᠰ ᠤᠨ ᠬᠦᠭᠵᠢᠯᠲᠡ ᠶᠢᠨ ᠦᠷ᠎ᠠ ᠪᠦᠳᠦᠭᠡᠯ ᠢ ᠪᠦᠬᠦ ᠲᠠᠯ᠎ᠠ ᠪᠠᠷ ᠲᠡᠯᠭᠡᠨ ᠦᠵᠡᠭᠦᠯᠵᠠᠢ᠃ | ᠬᠤᠰᠢᠭᠤ ᠲᠤᠭᠤᠷᠢᠭ ᠢᠶᠠᠷ ᠨᠢᠭᠡᠴᠢᠯᠡᠭᠰᠡᠨ ᠡᠳᠡᠭᠡᠷ ᠲᠡᠯᠭᠡᠨ ᠦᠵᠡᠭᠦᠯᠭᠡ ᠶᠢᠨ ᠲᠤᠭᠤᠷᠢᠭ ᠲᠤᠳᠤᠷ᠎ᠠ ᠠᠴᠠ ᠬᠠᠩᠭᠢᠨ ᠬᠤᠰᠢᠭᠤᠨ ᠤ ᠲᠡᠯᠭᠡᠨ | ᠦᠵᠡᠭᠦᠯᠭᠡ ᠶᠢᠨ ᠲᠤᠭᠤᠷᠢᠭ ᠤᠯᠠᠨ ᠤ ᠰᠤᠨᠢᠷᠬᠠᠯ ᠢ ᠤᠨᠴᠠ ᠲᠠᠳᠠᠨ᠎ᠠ᠃ ᠬᠠᠩᠭᠢᠨ ᠬᠤᠰᠢᠭᠤ ᠤᠷᠤᠨ ᠨᠤᠳᠤᠭ ᠤᠨ ᠤᠨᠴᠠᠯᠢᠭᠳᠦ ᠰᠤᠶᠤᠯ ᠢ ᠪᠦᠳᠦᠭᠡᠯᠴᠢ | ᠰᠤᠶᠤᠯ ᠤᠨ ᠪᠦᠳᠦᠭᠡᠭᠳᠡᠭᠦᠨ ᠲᠤᠳᠤᠷ᠎ᠠ ᠠᠭᠤᠰᠬᠠᠵᠦ᠂ ᠬᠦᠮᠦᠰ ᠲᠤ ᠵᠦᠪᠬᠡᠨ ᠪᠦᠳᠦᠭᠡᠯᠴᠢ ᠰᠤᠶᠤᠯ ᠤᠨ ᠪᠦᠳᠦᠭᠡᠭᠳᠡᠭᠦᠨ ᠢ ᠲᠡᠯᠭᠡᠨ ᠦᠵᠡᠭᠦᠯᠬᠦ ᠲᠠᠳᠤᠢ ᠪᠢᠰᠢ | ᠂ ᠬᠠᠷᠢᠨ ᠪᠦᠳᠦᠭᠡᠭᠳᠡᠭᠦᠨ ᠪᠦᠷᠢ ᠶᠢᠨ ᠠᠷᠦ ᠳᠠᠬᠢ ᠰᠤᠶᠤᠯ ᠤᠨ ᠠᠭᠤᠯᠬᠤᠨ ᠢ ᠮᠡᠳᠡᠭᠦᠯᠬᠦ ᠪᠠᠷ ᠴᠢᠷᠮᠠᠶᠢᠭᠰᠠᠨ ᠪᠠᠶᠢᠨ᠎ᠠ᠃ ᠲᠤᠰ ᠬᠤᠰᠢᠭᠤ ᠶᠢᠨ ᠬᠢᠨ | ᠪᠦᠳᠦᠭᠡᠭᠳᠡᠭᠦᠨ ᠪᠦᠷᠢ ᠳᠤ ᠴᠦᠮ ᠲᠠᠶᠢᠯᠤᠮᠵᠢ ᠬᠠᠳᠠᠬᠰᠠᠨ ᠤ ᠬᠠᠮᠳᠤ ᠪᠠᠰᠠ ᠲᠤᠰᠬᠠᠶᠢᠯᠠᠨ ᠴᠠᠭᠠᠨ ᠢᠳᠡᠭᠡᠨ ᠠᠮᠰᠠᠵᠦ ᠴᠠᠢ ᠤᠤᠭᠤᠬᠤ ᠲᠠᠯᠠᠪᠤᠷ ᠭᠠᠷᠭᠠᠨ᠂ | ᠬᠦᠮᠦᠰ ᠲᠤ ᠳᠠᠭᠠᠳᠠᠢ ᠰᠠᠭᠤᠵᠦ ᠲᠠᠪᠠᠲᠠᠢ ᠵᠤᠭᠤᠭᠳᠠᠬᠤ ᠵᠠᠪᠰᠢᠶᠠᠨ ᠬᠠᠩᠭᠠᠵᠠᠢ᠃ ᠦᠵᠡᠬᠦᠯᠭᠡ ᠶᠢᠨ ᠲᠤᠭᠤᠷᠢᠭ ᠲᠤ ᠬᠠᠩᠭᠢᠨ ᠬᠤᠰᠢᠭᠤᠨ ᠤ ᠠᠮᠠᠨᠴᠢᠷᠭ᠎ᠠ ᠶᠢᠨ | ᠮᠠᠯᠴᠢᠨ ᠲᠠᠷᠢᠶᠠᠴᠢᠳ ᠤᠨ ᠬᠢᠭᠰᠡᠨ ᠪᠤᠷᠭᠠᠰᠤᠨ ᠬᠦᠷᠦᠮᠡᠯ ᠤᠨ ᠪᠦᠳᠦᠭᠡᠭᠳᠡᠭᠦᠨ᠂ ᠬᠦᠷᠦ ᠲᠠᠭᠤᠤ ᠶᠢᠨ ᠲᠤᠬᠠᠢ ᠲᠠᠨᠢᠯᠴᠠᠭᠤᠯᠭ᠎ᠠ᠂ ᠬᠦᠪᠴᠢ ᠶᠢᠨ ᠡᠯᠡᠰᠤ ᠪᠠᠷ | ᠬᠢᠭᠰᠡᠨ ᠡᠯᠡᠰᠤᠨ ᠵᠢᠷᠤᠭ ᠤᠨ ᠪᠦᠳᠦᠭᠡᠭᠳᠡᠭᠦᠨ᠂ ᠠᠯᠠᠭ ᠠᠷᠢᠬᠢ ᠶᠢᠨ ᠲᠤᠬᠠᠢ ᠲᠠᠨᠢᠯᠴᠠᠭᠤᠯᠭ᠎ᠠ᠂ ᠬᠠᠩᠭᠢᠨ ᠬᠤᠰᠢᠭᠤᠨ ᠤ ᠲᠡᠤᠬᠡ ᠶᠢᠨ ᠲᠤᠷᠠᠰᠬᠠᠯᠳᠤ ᠵᠦᠢᠯᠡᠰ ᠢ | ᠲᠠᠭᠤᠷᠢᠶᠠᠵᠦ ᠬᠢᠭᠰᠡᠨ ᠭᠠᠷ ᠤᠷᠠᠯᠠᠯ ᠤᠨ ᠪᠦᠳᠦᠭᠡᠭᠳᠡᠭᠦᠨ ᠵᠢᠴᠢ ᠮᠠᠯᠴᠢᠳ ᠤᠨ ᠬᠢᠭᠰᠡᠨ ᠢᠰᠡᠭᠡᠢ ᠤᠷᠠᠯᠠᠯ ᠤᠨ ᠪᠦᠳᠦᠭᠡᠭᠳᠡᠭᠦᠨ ᠢ ᠲᠡᠯᠭᠡᠨ ᠦᠵᠡᠭᠦᠯᠦᠭᠰᠡᠨ ᠤ | ᠬᠠᠮᠳᠤ ᠪᠠᠰᠠ ᠬᠠᠩᠭᠢᠨ ᠤ ᠤᠶᠢᠷᠠᠳᠬᠠᠨ ᠨᠡᠶᠢᠳᠡᠯᠡᠭᠰᠡᠨ ᠬᠤᠲᠠ ᠶᠢᠨ ᠲᠦᠷᠦᠯ ᠲᠡᠮᠳᠡᠭᠳᠤ ᠶᠢᠨ ᠳᠦᠷᠢ ᠲᠥᠷᠬᠦ ᠶᠢᠨ ᠲᠤᠬᠠᠢ ᠲᠠᠨᠢᠯᠴᠠᠭᠤᠯᠵᠦ᠂ ᠬᠠᠩᠭᠢᠨ ᠤ | IP ᠶᠢᠨ ᠳᠦᠷᠢ ᠪᠠᠷ ᠬᠡᠤᠬᠡᠯᠲᠡᠢ ᠵᠤᠬᠢᠶᠠᠵᠦ ᠤᠯᠠᠨ ᠤ ᠠᠩᠬᠠᠷᠤᠯ ᠰᠤᠨᠢᠷᠬᠠᠯ ᠢ ᠲᠠᠳᠠᠭᠰᠠᠨ ᠪᠠᠶᠢᠨ᠎ᠠ᠃ | ᠬᠠᠩᠭᠢᠨ ᠬᠤᠰᠢᠭᠤᠨ ᠤ ᠰᠤᠶᠤᠯ ᠪᠠ ᠵᠤᠭᠠᠴᠠᠯ ᠤᠨ ᠲᠤᠪᠴᠢᠶ᠎ᠠ ᠶᠢᠨ ᠲᠠᠳ᠋ ᠲᠤᠪᠴᠢᠶᠠᠨ ᠲᠠᠷᠤᠭ᠎ᠠ ᠵᠶᠢ ᠯᠢ ᠨᠢ᠄ ︽ᠮᠠᠨ ᠤ ᠬᠤᠰᠢᠭᠤ ᠲᠤᠰ ᠤᠳᠠᠭᠠᠨ ᠤ | ᠲᠡᠯᠭᠡᠨ ᠦᠵᠡᠭᠦᠯᠭᠡ ᠳᠤ ᠭᠤᠤᠯᠳᠠᠭᠤ ᠲᠦᠷᠪᠡᠨ ᠲᠦᠷᠦᠯ ᠤᠨ ᠪᠦᠳᠦᠭᠡᠯᠴᠢ ᠰᠤᠶᠤᠯ ᠤᠨ ᠪᠦᠳᠦᠭᠡᠭᠳᠡᠭᠦᠨ ᠢ ᠲᠡᠯᠭᠡᠨ ᠦᠵᠡᠭᠦᠯᠪᠡ᠃ ᠡᠭᠦᠨ ᠳᠤ ᠪᠤᠲᠠᠰ ᠤᠨ | ᠪᠤᠰᠤ ᠰᠤᠶᠤᠯ ᠤᠨ ᠦᠪ ᠤᠨ ᠪᠦᠳᠦᠭᠡᠭᠳᠡᠭᠦᠨ᠂ ᠲᠡᠤᠬᠡ ᠶᠢᠨ ᠲᠤᠷᠠᠰᠬᠠᠯᠳᠤ ᠵᠦᠢᠯᠡᠰ ᠢ ᠲᠠᠭᠤᠷᠢᠶᠠᠵᠦ ᠬᠢᠭᠰᠡᠨ ᠭᠠᠷ ᠤᠷᠠᠯᠠᠯ ᠤᠨ ᠪᠦᠳᠦᠭᠡᠭᠳᠡᠭᠦᠨ᠂ ᠵᠠᠩ | ᠦᠢᠯᠡ ᠶᠢᠨ ᠲᠤᠬᠠᠢ ᠪᠦᠳᠦᠭᠡᠯᠴᠢ ᠰᠤᠶᠤᠯ ᠤᠨ ᠪᠦᠳᠦᠭᠡᠭᠳᠡᠭᠦᠨ᠂ ᠤᠷᠤᠨ ᠨᠤᠳᠤᠭ ᠤᠨ ᠤᠨᠴᠠᠯᠢᠭᠳᠦ ᠢᠳᠡᠭᠡᠨ ᠤᠮᠲᠠᠭᠠᠨ ᠵᠡᠷᠭᠡ ᠵᠦᠢᠯ ᠪᠠᠭᠳᠠᠨ᠎ᠠ᠃ | ᠤᠶᠢᠷᠠᠳᠬᠠᠨ ᠬᠠᠩᠭᠢᠨ ᠬᠤᠰᠢᠭᠤ ᠪᠠᠰᠠ ᠬᠤᠲᠠ ᠶᠢᠨ ᠲᠦᠷᠦᠯ ᠲᠡᠮᠳᠡᠭᠳᠤ ᠶᠢᠨ ᠳᠦᠷᠢ ᠲᠥᠷᠬᠦ ᠶᠢ ᠨᠡᠶᠢᠳᠡᠯᠡᠪᠡ᠃ ᠲᠤᠰ ᠤᠳᠠᠭᠠᠨ ᠤ ᠲᠡᠯᠭᠡᠨ ᠦᠵᠡᠭᠦᠯᠭᠡ ᠳᠤ | ᠡᠨᠡ ᠲᠠᠯ᠎ᠠ ᠶᠢᠨ ᠪᠦᠳᠦᠭᠡᠭᠳᠡᠭᠦᠨ ᠢ ᠲᠡᠯᠭᠡᠨ ᠦᠵᠡᠭᠦᠯᠵᠦ᠂ ᠡᠭᠦᠨ ᠢᠶᠠᠷ ᠲᠤᠬᠢᠶᠠᠯ ᠪᠤᠯᠭᠠᠵᠦ ᠬᠠᠩᠭᠢᠨ ᠬᠤᠰᠢᠭᠤᠨ ᠤ ᠬᠦᠨ ᠵᠤᠵᠠᠭᠠᠨ ᠰᠤᠶᠤᠯ ᠤᠨ ᠠᠭᠤᠯᠬᠤᠨ ᠢ | ᠤᠯᠠᠨ ᠳᠤ ᠲᠠᠨᠢᠭᠤᠯᠵᠦ᠂ ᠬᠠᠩᠭᠢᠨ ᠬᠤᠰᠢᠭᠤᠨ ᠤ ᠬᠤᠳᠠ ᠶᠢᠨ ᠲᠦᠷᠢ ᠲᠦᠷᠭᠦ ᠶᠢ ᠪᠦᠬᠦ ᠲᠠᠯ᠎ᠠ ᠪᠠᠷ ᠱᠤᠭᠤᠵᠦ᠂ ᠬᠤᠳᠠ ᠶᠢᠨ ᠲᠦᠷᠢ ᠲᠦᠷᠭᠦ ᠶᠢ ᠬᠦᠮᠦᠰ ᠤᠨ | ᠤᠢ ᠤᠬᠠᠭᠠᠨ ᠳᠤ ᠤᠯᠠᠮ ᠨᠢᠭᠡ ᠠᠯᠬᠤᠮ ᠬᠠᠳᠠᠩᠰᠢᠭᠤᠯᠬᠤ ᠶᠢ ᠵᠤᠷᠢᠭᠰᠠᠨ ᠶᠤᠮ︾ ᠭᠡᠵᠦ ᠢᠯᠡᠷᠬᠡᠶᠢᠯᠡᠵᠤ ᠪᠠᠶᠢᠯ᠎ᠠ᠃ | |