ᠤᠶᠢᠷ᠎ᠠ ᠶᠢᠨ ᠡᠳᠦᠷ᠂ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠰᠢᠨ᠎ᠡ ᠡᠨᠧᠷᠭᠢ ᠶᠢᠨ ᠳᠡᠭᠡᠳᠦ ᠰᠤᠷᠭᠠᠭᠤᠯᠢ ᠶᠢᠨ | ᠠᠵᠢᠯ ᠤᠨ ᠤᠳᠤᠷᠢᠳᠬᠤ ᠳᠤᠭᠤᠶᠢᠯᠠᠩ ᠤᠨ ᠠᠩᠬᠠᠳᠤᠭᠠᠷ ᠪᠥᠬᠦᠳᠡ ᠬᠤᠷᠠᠯ ᠬᠤᠷᠠᠯᠳᠤᠪᠠ᠃ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠳᠠ ᠶᠢᠨ | ᠳᠠᠷᠤᠭ᠎ᠠ ᠳ᠋ᠦ᠋ ᠬᠤᠢ ᠯᠢᠶᠠᠩ᠂ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠬᠢᠷᠤᠯ ᠭᠦᠸᠧ | ᠰᠢ ᠬᠤᠷᠠᠯ ᠳᠤ ᠣᠷᠤᠯᠴᠠᠭᠰᠠᠨ ᠤ ᠬᠠᠮᠲᠤ ᠶᠠᠷᠢᠶ᠎ᠠ ᠲᠠᠯᠪᠢᠪᠠ᠃ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠳᠡᠳ᠋ ᠳᠠᠷᠤᠭ᠎ᠠ | ᠬᠤᠸᠠ ᠷᠦᠢ ᠹᠧᠩ ᠬᠤᠷᠠᠯ ᠢ ᠡᠷᠬᠢᠯᠡᠵᠦ᠂ ᠬᠤᠳᠠ ᠶᠢᠨ ᠳᠡᠳ᠋ ᠳᠠᠷᠤᠭ᠎ᠠ ᠦ᠋ ᠵᠢᠶᠠᠨ ᠰᠢᠶᠦ᠋ᠨ᠂ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ | ᠰᠤᠷᠭᠠᠭᠤᠯᠢ ᠶᠢᠨ ᠳᠡᠳ᠋ ᠵᠠᠬᠢᠷᠤᠯ᠂ ᠰᠢᠨ᠎ᠡ ᠡᠨᠧᠷᠭᠢ ᠶᠢᠨ ᠳᠡᠭᠡᠳᠦ ᠰᠤᠷᠭᠠᠭᠤᠯᠢ ᠶᠢᠨ ᠵᠠᠬᠢᠷᠤᠯ ᠪᠤᠶᠠᠨ ᠬᠤᠷᠠᠯ ᠳᠤ ᠣᠷᠣᠯᠴᠠᠪᠠ᠃ | ᠳ᠋ᠦ᠋ ᠬᠤᠢ ᠯᠢᠶᠠᠩ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠮᠠᠨ ᠤ ᠬᠤᠳᠠ ᠳᠤ ᠦᠵᠡᠭᠦᠯᠦᠭᠰᠡᠭᠡᠷ ᠢᠷᠡᠭᠰᠡᠨ ᠳᠡᠮᠵᠢᠯᠭᠡ ᠳᠤ | ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠮᠠᠨ ᠤ ᠬᠤᠳᠠ ᠳᠤ ᠰᠢᠨ᠎ᠡ ᠡᠨᠧᠷᠭᠢ ᠶᠢᠨ ᠳᠡᠭᠡᠳᠦ ᠰᠤᠷᠭᠠᠭᠤᠯᠢ ᠶᠢ ᠪᠦᠲᠦᠭᠡᠨ ᠪᠠᠶᠢᠭᠤᠯᠬᠤ ᠪᠣᠯ ᠶᠡᠷᠦᠩᠬᠡᠢ | ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠪᠣᠳᠠᠲᠠᠢ ᠠᠷᠭ᠎ᠠ ᠬᠡᠮᠵᠢᠶ᠎ᠡ ᠪᠣᠯᠣᠨ᠎ᠠ᠃ | ᠡᠭᠦᠷᠭᠡᠲᠦ ᠤᠬᠠᠮᠰᠠᠷ ᠢ ᠪᠤᠢ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠭᠤᠰᠢᠯᠠᠭᠤᠯᠵᠤ᠂ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠲᠦᠷᠦ ᠶᠢᠨ ᠶᠠᠪᠤᠳᠠᠯ ᠤᠨ ᠬᠤᠷᠢᠶᠠᠨ ᠤ ᠰᠠᠨᠠᠯ ᠢ ᠨᠠᠷᠢᠨ | ᠬᠢᠨᠠᠮᠠᠭᠠᠢ ᠨᠠᠶᠢᠳᠠᠪᠤᠷᠢᠵᠢᠭᠤᠯᠵᠤ᠂ ᠰᠢᠨ᠎ᠡ ᠡᠨᠧᠷᠭᠢ ᠶᠢᠨ ᠳᠡᠭᠡᠳᠦ ᠰᠤᠷᠭᠠᠭᠤᠯᠢ ᠶᠢ ᠥᠨᠳᠥᠷ ᠲᠦᠪᠰᠢᠨ ᠢᠶᠠᠷ ᠪᠦᠲᠦᠭᠡᠨ ᠪᠠᠶᠢᠭᠤᠯᠬᠤ ᠬᠡᠷᠡᠭᠲᠡᠢ᠃ | ᠬᠠᠷᠢᠭᠤᠴᠠᠯᠭ᠎ᠠ ᠶᠢᠨ ᠤᠬᠠᠮᠰᠠᠷ ᠢ ᠪᠤᠢ ᠪᠣᠯᠭᠠᠵᠤ᠂ ᠪᠡᠯᠭᠡ ᠲᠡᠮᠳᠡᠭ ᠤᠨ ᠴᠢᠨᠠᠷᠲᠠᠢ ᠬᠠᠮᠲᠤᠷᠠᠯᠴᠠᠭᠠᠨ ᠤ ᠦᠷ᠎ᠡ ᠪᠦᠲᠦᠭᠡᠯ ᠢ ᠲᠥᠷᠭᠡᠳᠭᠡᠨ ᠣᠯᠵᠤ᠂ ᠪᠦᠬᠦ | ᠣᠷᠣᠨ ᠤ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠳᠤ ᠢᠯᠡᠭᠦᠬᠡᠨ ᠬᠤᠪᠢ ᠨᠡᠮᠡᠷᠢ ᠦᠵᠡᠭᠦᠯᠵᠦ᠂ ᠬᠢᠯᠠᠰ ᠴᠡᠭ ᠢᠯᠡᠷᠡᠭᠦᠯᠬᠦ ᠪᠠᠷ ᠴᠢᠷᠮᠠᠶᠢᠬᠤ | ᠬᠡᠷᠡᠭᠲᠡᠢ᠃ ᠠᠵᠠ ᠲᠣᠬᠢᠶᠠᠯ ᠤᠨ ᠤᠬᠠᠮᠰᠠᠷ ᠢ ᠪᠤᠶ ᠪᠣᠯᠭᠠᠵᠤ᠂ ᠰᠢᠨ᠎ᠡ ᠡᠨᠧᠷᠭᠢ ᠶᠢᠨ ᠲᠦᠷᠭᠡᠨ ᠬᠥᠭᠵᠢᠯᠲᠡ ᠶᠢᠨ ᠴᠢᠬᠤᠯᠠ ᠶᠡᠭᠡ ᠠᠵᠠ ᠲᠣᠬᠢᠶᠠᠯ ᠢ ᠡᠵᠡᠮᠳᠡᠨ᠂ | ᠰᠢᠨ᠎ᠡ ᠡᠨᠧᠷᠭᠢ ᠶᠢᠨ ᠳᠡᠭᠡᠳᠦ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠶᠡᠷᠦᠩᠬᠡᠢ ᠲᠥᠯᠦᠪᠵᠢᠭᠦᠯᠭᠡ ᠨᠢ ︽ᠲᠡᠷᠢᠭᠦᠨ ᠤ | ᠬᠢ ᠶᠢ ᠡᠭᠦᠳᠬᠦ︾ ᠳᠤ ᠬᠠᠷᠠᠭᠠᠯᠠᠨ᠂ ᠲᠥᠯᠥᠪᠵᠢᠭᠦᠯᠦᠨ ᠪᠦᠲᠦᠭᠡᠨ ᠪᠠᠶᠢᠭᠤᠯᠬᠤ ᠳᠤ ︽ᠰᠢᠨ᠎ᠡ ᠵᠠᠮ ᠢ ᠨᠡᠭᠡᠭᠡᠬᠦ︾ ᠶᠢ ᠪᠠᠷᠢᠮᠲᠠᠯᠠᠵᠤ᠂ ᠡᠬᠢᠯᠡᠭᠦᠯᠬᠦ ᠳᠤ ︽ | ᠬᠤᠷᠳᠤᠴᠠ ᠪᠠᠨ ᠨᠡᠮᠡᠭᠳᠡᠭᠦᠯᠬᠦ︾ ᠬᠡᠷᠡᠭᠲᠡᠢ᠂ ᠬᠠᠮᠲᠤᠷᠠᠯᠴᠠᠬᠤ ᠳᠤ ᠡᠷᠬᠡᠪᠰᠢ ︽ᠨᠢᠭᠡ ᠬᠥᠯᠭᠡᠨ ᠰᠢᠲᠠᠷ᠎ᠠ︾ ᠪᠠᠶᠢᠬᠤ ᠬᠡᠷᠡᠭᠲᠡᠢ᠂ ᠳᠡᠭᠡᠳᠦ ᠰᠤᠷᠭᠠᠭᠤᠯᠢ ᠶᠢ | ᠥᠪᠡᠷᠲᠡᠭᠡᠨ ᠵᠠᠰᠠᠬᠤ ᠣᠷᠣᠨ ᠴᠢᠨᠠᠭᠰᠢᠯᠠᠪᠠᠯ ᠪᠥᠬᠦ ᠤᠯᠤᠰ ᠤᠨ ᠰᠢᠨ᠎ᠡ ᠡᠨᠧᠷᠭᠢ ᠶᠢᠨ ᠬᠦᠷᠢᠶ᠎ᠡ ᠴᠠᠷᠠᠭᠠᠨ ᠳᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠭᠤᠯᠣᠮᠲᠠ ᠭᠠᠵᠠᠷ᠂ ᠴᠢᠳᠠᠪᠤᠷᠢᠲᠠᠨ ᠢ ᠬᠥᠮᠥᠵᠢᠭᠦᠯᠬᠦ ᠥᠨᠳᠦᠷᠯᠢᠭ ᠭᠠᠵᠠᠷ᠂ ᠦᠢᠯᠡᠳᠪᠦᠷᠢᠯᠡᠯ ᠵᠢᠭᠠᠨ ᠰᠤᠷᠭᠠᠯᠲᠠ ᠶᠢ ᠠᠭᠤᠰᠤᠯᠴᠠᠭᠤᠯᠬᠤ ᠳᠠᠭᠤᠷᠢᠶᠠᠯ | ᠦᠵᠡᠭᠦᠯᠬᠦ ᠭᠠᠵᠠᠷ ᠪᠣᠯᠭᠠᠨ ᠪᠦᠲᠦᠭᠡᠨ ᠪᠠᠶᠢᠭᠤᠯᠬᠤ ᠪᠠᠷ ᠴᠢᠷᠮᠠᠶᠢᠬᠤ ᠬᠡᠷᠡᠭᠲᠡᠢ ᠭᠡᠵᠡᠢ᠃ | ᠭᠦᠸᠧ ᠰᠢ᠂ ᠰᠢᠨ᠎ᠡ ᠡᠨᠧᠷᠭᠢ ᠶᠢᠨ ᠳᠡᠭᠡᠳᠦ ᠰᠤᠷᠭᠠᠭᠤᠯᠢ ᠶᠢ ᠪᠠᠶᠢᠭᠤᠯᠤᠭᠰᠠᠨ ᠨᠢ ᠬᠤᠶᠠᠷ ᠲᠠᠯ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠶᠢᠨ | ᠴᠢᠬᠤᠯᠠ ᠬᠥᠰᠢᠶ᠎ᠡ ᠲᠡᠮᠳᠡᠭ ᠪᠣᠯᠣᠨ᠎ᠠ᠃ ᠥᠨᠳᠥᠷ ᠡᠬᠢᠯᠡᠯᠲᠡ ᠲᠠᠢ᠂ ᠥᠨᠳᠥᠷ ᠪᠠᠷᠢᠮᠵᠢᠶ᠎ᠠ ᠲᠠᠢ᠂ ᠴᠢᠨᠠᠷ ᠰᠠᠶᠢᠲᠠᠢ ᠪᠦᠲᠦᠭᠡᠨ ᠪᠠᠶᠢᠭᠤᠯᠤᠯᠲᠠ ᠶᠢᠨ | ᠱᠠᠭᠠᠷᠳᠠᠯᠭ᠎ᠠ ᠶᠢ ᠪᠠᠷᠢᠮᠲᠠᠯᠠᠵᠤ᠂ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠬᠡᠷᠡᠭᠯᠡᠯᠲᠡ ᠶᠢ ᠨᠢᠭᠡ ᠴᠣᠭᠴᠠᠵᠢᠭᠤᠯᠬᠤ ᠪᠠᠷ ᠡᠬᠢᠯᠡᠯᠲᠡ ᠶᠢᠨ ᠦᠨᠳᠦᠰᠦᠨ | ᠬᠦᠭ ᠠᠶᠠᠰ ᠪᠣᠯᠭᠠᠵᠤ᠂ ᠴᠢᠳᠠᠪᠤᠷᠢᠲᠠᠨ ᠤ ᠬᠡᠯᠬᠢᠶ᠎ᠡ᠂ ᠰᠤᠷᠭᠠᠨ ᠬᠥᠮᠦᠵᠢᠯ ᠤᠨ ᠬᠡᠯᠬᠢᠶ᠎ᠡ᠂ ᠪᠡᠯᠡ ᠮᠥᠩᠭᠦᠨ ᠤ ᠬᠡᠯᠬᠢᠶ᠎ᠡ᠂ ᠰᠢᠨ᠎ᠡ ᠶᠢ ᠡᠭᠦᠳᠬᠦ ᠬᠡᠯᠬᠢᠶ᠎ᠡ᠂ ᠠᠵᠤ | ᠦᠢᠯᠡᠰ ᠤᠨ ᠬᠡᠯᠬᠢᠶ᠎ᠡ ᠶᠢᠨ ᠭᠦᠨᠵᠡᠭᠡᠢ ᠤᠶᠠᠯᠳᠤᠯ ᠢ ᠠᠬᠢᠭᠤᠯᠬᠤ ᠬᠡᠷᠡᠭᠲᠡᠢ︔ ᠳᠡᠭᠡᠳᠦ ᠲᠡᠰ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠰᠠᠭᠤᠷᠢ | ᠵᠠᠩᠭᠢᠯᠠᠭ᠎ᠠ ᠪᠣᠯᠭᠠᠵᠤ᠂ ᠴᠢᠳᠠᠪᠤᠷᠢᠲᠠᠨ ᠢ ᠶᠡᠬᠡᠪᠡᠷ ᠤᠷᠢᠨ ᠣᠷᠤᠭᠤᠯᠬᠤ ᠬᠡᠷᠡᠭᠲᠡᠢ︔ ᠥᠨᠳᠥᠷ ᠦᠷ᠎ᠡ ᠪᠦᠲᠦᠮᠵᠢᠲᠡᠶ ᠬᠠᠮᠢᠶᠠᠷᠤᠯᠲᠠ ᠡᠷᠭᠢᠯᠲᠡ ᠪᠠᠷ ᠰᠠᠶᠢᠨ | ᠪᠠᠲᠤᠯᠠᠭ᠎ᠠ ᠪᠣᠯᠭᠠᠵᠤ᠂ ᠳᠡᠭᠡᠳᠦ ᠰᠤᠷᠭᠠᠭᠤᠯᠢ ᠶᠢ ᠪᠡᠶ᠎ᠡ ᠪᠠᠨ ᠳᠠᠭᠠᠭᠠᠵᠤ ᠰᠤᠷᠭᠠᠭᠤᠯᠢ ᠡᠷᠭᠢᠯᠡᠬᠦ᠂ ᠲᠣᠭᠲᠠᠴᠠ ᠶᠢᠨ ᠰᠢᠨ᠎ᠡ ᠶᠢ ᠡᠭᠦᠳᠬᠦ᠂ ᠵᠠᠰᠠᠯᠲᠠ ᠥᠨᠳᠥᠷ | ᠪᠦᠲᠦᠮᠵᠢᠲᠡᠶ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠬᠥᠭᠵᠢᠯᠲᠡ ᠶᠢᠨ ᠣᠨᠴᠠᠭᠠᠢ ᠣᠷᠣᠨ ᠪᠣᠯᠭᠠᠨ ᠪᠦᠲᠦᠭᠡᠨ | ᠪᠠᠶᠢᠭᠤᠯᠬᠤ ᠬᠡᠷᠡᠭᠲᠡᠢ ᠭᠡᠪᠡ᠃ | ᠬᠤᠷᠠᠯ ᠠᠴᠠ ᠰᠢᠨ᠎ᠡ ᠡᠨᠧᠷᠭᠢ ᠶᠢᠨ ᠳᠡᠭᠡᠳᠦ ᠰᠤᠷᠭᠠᠭᠤᠯᠢ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠡᠷᠡᠭ ᠵᠥᠪᠯᠡᠬᠦ ᠳᠦᠷᠢᠮ᠂ 2023 ᠣᠨ ᠪᠠ | 2024 ᠣᠨ ᠤ ᠠᠵᠢᠯ ᠤᠨ ᠭᠤᠣᠯᠳᠠᠯᠭ᠎ᠠ ᠶᠢ ᠬᠢᠨᠠᠨ ᠵᠥᠪᠯᠡᠵᠦ ᠪᠠᠲᠤᠯᠠᠪᠠ᠃ |