ᠬᠠᠩᠭᠢᠨ ᠬᠤᠰᠢᠭᠤ ᠪᠦᠳᠦᠭᠡᠯᠴᠢ ᠰᠤᠶᠤᠯ ᠤᠨ ᠪᠦᠳᠦᠭᠡᠭᠳᠡᠭᠦᠨ ᠢᠶᠠᠷ ᠬᠤᠳᠠ ᠶᠢᠨ ᠲᠦᠷᠢ ᠲᠦᠷᠬᠦ ᠪᠠᠨ ᠱᠤᠭᠤᠵᠤ ᠪᠠᠶᠢᠨ᠎ᠠ
ᠨᠡᠶᠢᠲᠡᠯᠡᠭᠰᠡᠨ ᠴᠠᠭ᠄
2023/11/21
     ᠤᠶᠢᠷ᠎ᠠ ᠶᠢᠨ ᠡᠳᠤᠷ᠂ ᠤᠷᠳᠤᠰ ᠬᠤᠳᠠ ᠶᠢᠨ ᠲᠠᠪᠤᠳᠤᠭᠠᠷ ᠬᠤᠭᠤᠴᠠᠭᠠᠨ ᠤ ᠰᠤᠶᠤᠯ ᠤᠨ ᠠᠵᠦ ᠦᠢᠯᠡᠰ ᠤᠨ ᠦᠵᠡᠭᠦᠯᠭᠡ ᠪᠠ ᠠᠷᠠᠯᠵᠢᠶᠠᠨ ᠤ ᠴᠤᠭᠯᠠᠭᠠᠨ ᠠᠮᠵᠢᠯᠲᠠ ᠲᠠᠢ ᠦᠨᠳᠦᠷᠯᠡᠵᠦ᠂ ᠪᠦᠬᠦ ᠬᠤᠳᠠ ᠶᠢᠨ 9 ᠬᠤᠰᠢᠭᠤ ᠲᠤᠭᠤᠷᠢᠭ ᠤᠨ ᠬᠢᠨ ᠲᠦᠯᠦᠭᠡᠯᠡᠬᠦ ᠴᠢᠨᠠᠷᠲᠠᠢ ᠪᠤᠲᠠᠰ ᠤᠨ ᠪᠤᠰᠤ ᠰᠤᠶᠤᠯ ᠤᠨ ᠦᠪ ᠤᠨ ᠤᠷ᠎ᠠ ᠮᠡᠷᠭᠡᠵᠢᠯ᠂ ᠰᠤᠶᠤᠯ ᠤᠨ ᠪᠦᠳᠦᠭᠡᠯᠴᠢ ᠰᠡᠳᠭᠢᠮᠵᠢ᠂ ᠦᠨᠳᠤᠰᠤᠲᠡᠨ ᠤ ᠤᠯᠠᠮᠵᠢᠯᠠᠯᠳᠤ ᠰᠤᠶᠤᠯ ᠢ ᠢᠯᠡᠷᠡᠭᠦᠯᠦᠭᠰᠡᠨ 800 ᠭᠠᠷᠤᠢ ᠲᠦᠷᠦᠯ ᠤᠨ ᠦᠵᠡᠭᠦᠯᠭᠡ ᠶᠢᠨ ᠪᠤᠲᠠᠰ ᠢ ᠲᠦᠪᠯᠡᠷᠡᠭᠦᠯᠦᠨ ᠲᠡᠯᠭᠡᠨ ᠦᠵᠡᠭᠦᠯᠵᠦ᠂ ᠰᠤᠶᠤᠯ ᠵᠤᠭᠠᠴᠠᠯ ᠤᠨ ᠠᠭᠤᠰᠤᠯᠴᠠᠯ᠂ ᠬᠡᠷᠡᠭᠯᠡᠭᠡ ᠶᠢ ᠲᠠᠶᠢᠴᠢᠯᠠᠨ ᠲᠠᠭᠠᠭᠤᠯᠬᠤ᠂ ᠤᠷᠤᠨ ᠨᠤᠳᠤᠭ ᠤᠨ ᠨᠡᠷᠡᠳᠤ ᠲᠡᠮᠳᠡᠭᠳᠤ ᠪᠠᠨ ᠤᠬᠠᠭᠤᠯᠵᠦ ᠲᠠᠨᠢᠯᠴᠠᠭᠤᠯᠬᠤ ᠵᠡᠷᠭᠡ ᠲᠠᠯ᠎ᠠ ᠪᠠᠷ ᠢᠲᠡᠪᠬᠢᠲᠠᠢ ᠦᠢᠯᠡᠳᠦᠯ ᠦᠵᠡᠭᠦᠯᠦᠨ᠂ ᠤᠷᠳᠤᠰ ᠬᠤᠳᠠ ᠶᠢᠨ ᠰᠤᠶᠤᠯ ᠤᠨ ᠤᠨᠴᠠᠯᠢᠭ ᠪᠠ ᠠᠵᠦ ᠦᠢᠯᠡᠰ ᠤᠨ ᠬᠦᠭᠵᠢᠯᠲᠡ ᠶᠢᠨ ᠦᠷ᠎ᠠ ᠪᠦᠳᠦᠭᠡᠯ ᠢ ᠪᠦᠬᠦ ᠲᠠᠯ᠎ᠠ ᠪᠠᠷ ᠲᠡᠯᠭᠡᠨ ᠦᠵᠡᠭᠦᠯᠵᠠᠢ᠃     ᠬᠤᠰᠢᠭᠤ ᠲᠤᠭᠤᠷᠢᠭ ᠢᠶᠠᠷ ᠨᠢᠭᠡᠴᠢᠯᠡᠭᠰᠡᠨ ᠡᠳᠡᠭᠡᠷ ᠲᠡᠯᠭᠡᠨ ᠦᠵᠡᠭᠦᠯᠭᠡ ᠶᠢᠨ ᠲᠤᠭᠤᠷᠢᠭ ᠲᠤᠳᠤᠷ᠎ᠠ ᠠᠴᠠ ᠬᠠᠩᠭᠢᠨ ᠬᠤᠰᠢᠭᠤᠨ ᠤ ᠲᠡᠯᠭᠡᠨ ᠦᠵᠡᠭᠦᠯᠭᠡ ᠶᠢᠨ ᠲᠤᠭᠤᠷᠢᠭ ᠤᠯᠠᠨ ᠤ ᠰᠤᠨᠢᠷᠬᠠᠯ ᠢ ᠤᠨᠴᠠ ᠲᠠᠳᠠᠨ᠎ᠠ᠃ ᠬᠠᠩᠭᠢᠨ ᠬᠤᠰᠢᠭᠤ  ᠤᠷᠤᠨ ᠨᠤᠳᠤᠭ ᠤᠨ ᠤᠨᠴᠠᠯᠢᠭᠳᠦ ᠰᠤᠶᠤᠯ ᠢ ᠪᠦᠳᠦᠭᠡᠯᠴᠢ ᠰᠤᠶᠤᠯ ᠤᠨ ᠪᠦᠳᠦᠭᠡᠭᠳᠡᠭᠦᠨ ᠲᠤᠳᠤᠷ᠎ᠠ ᠠᠭᠤᠰᠬᠠᠵᠦ᠂ ᠬᠦᠮᠦᠰ  ᠲᠤ ᠵᠦᠪᠬᠡᠨ ᠪᠦᠳᠦᠭᠡᠯᠴᠢ ᠰᠤᠶᠤᠯ ᠤᠨ ᠪᠦᠳᠦᠭᠡᠭᠳᠡᠭᠦᠨ ᠢ ᠲᠡᠯᠭᠡᠨ ᠦᠵᠡᠭᠦᠯᠬᠦ ᠲᠠᠳᠤᠢ ᠪᠢᠰᠢ ᠂ ᠬᠠᠷᠢᠨ ᠪᠦᠳᠦᠭᠡᠭᠳᠡᠭᠦᠨ ᠪᠦᠷᠢ ᠶᠢᠨ ᠠᠷᠦ ᠳᠠᠬᠢ ᠰᠤᠶᠤᠯ ᠤᠨ ᠠᠭᠤᠯᠬᠤᠨ ᠢ ᠮᠡᠳᠡᠭᠦᠯᠬᠦ ᠪᠠᠷ ᠴᠢᠷᠮᠠᠶᠢᠭᠰᠠᠨ ᠪᠠᠶᠢᠨ᠎ᠠ᠃ ᠲᠤᠰ ᠬᠤᠰᠢᠭᠤ ᠶᠢᠨ ᠬᠢᠨ ᠪᠦᠳᠦᠭᠡᠭᠳᠡᠭᠦᠨ ᠪᠦᠷᠢ ᠳᠤ ᠴᠦᠮ ᠲᠠᠶᠢᠯᠤᠮᠵᠢ ᠬᠠᠳᠠᠬᠰᠠᠨ ᠤ ᠬᠠᠮᠳᠤ ᠪᠠᠰᠠ ᠲᠤᠰᠬᠠᠶᠢᠯᠠᠨ ᠴᠠᠭᠠᠨ ᠢᠳᠡᠭᠡᠨ ᠠᠮᠰᠠᠵᠦ ᠴᠠᠢ ᠤᠤᠭᠤᠬᠤ ᠲᠠᠯᠠᠪᠤᠷ ᠭᠠᠷᠭᠠᠨ᠂ ᠬᠦᠮᠦᠰ ᠲᠤ ᠳᠠᠭᠠᠳᠠᠢ ᠰᠠᠭᠤᠵᠦ ᠲᠠᠪᠠᠲᠠᠢ ᠵᠤᠭᠤᠭᠳᠠᠬᠤ ᠵᠠᠪᠰᠢᠶᠠᠨ ᠬᠠᠩᠭᠠᠵᠠᠢ᠃ ᠦᠵᠡᠬᠦᠯᠭᠡ ᠶᠢᠨ ᠲᠤᠭᠤᠷᠢᠭ ᠲᠤ ᠬᠠᠩᠭᠢᠨ ᠬᠤᠰᠢᠭᠤᠨ ᠤ ᠠᠮᠠᠨᠴᠢᠷᠭ᠎ᠠ ᠶᠢᠨ ᠮᠠᠯᠴᠢᠨ ᠲᠠᠷᠢᠶᠠᠴᠢᠳ ᠤᠨ ᠬᠢᠭᠰᠡᠨ ᠪᠤᠷᠭᠠᠰᠤᠨ ᠬᠦᠷᠦᠮᠡᠯ ᠤᠨ ᠪᠦᠳᠦᠭᠡᠭᠳᠡᠭᠦᠨ᠂ ᠬᠦᠷᠦ ᠲᠠᠭᠤᠤ ᠶᠢᠨ ᠲᠤᠬᠠᠢ ᠲᠠᠨᠢᠯᠴᠠᠭᠤᠯᠭ᠎ᠠ᠂ ᠬᠦᠪᠴᠢ ᠶᠢᠨ ᠡᠯᠡᠰᠤ ᠪᠠᠷ ᠬᠢᠭᠰᠡᠨ ᠡᠯᠡᠰᠤᠨ ᠵᠢᠷᠤᠭ ᠤᠨ ᠪᠦᠳᠦᠭᠡᠭᠳᠡᠭᠦᠨ᠂ ᠠᠯᠠᠭ ᠠᠷᠢᠬᠢ ᠶᠢᠨ ᠲᠤᠬᠠᠢ ᠲᠠᠨᠢᠯᠴᠠᠭᠤᠯᠭ᠎ᠠ᠂ ᠬᠠᠩᠭᠢᠨ ᠬᠤᠰᠢᠭᠤᠨ ᠤ ᠲᠡᠤᠬᠡ ᠶᠢᠨ ᠲᠤᠷᠠᠰᠬᠠᠯᠳᠤ ᠵᠦᠢᠯᠡᠰ ᠢ ᠲᠠᠭᠤᠷᠢᠶᠠᠵᠦ ᠬᠢᠭᠰᠡᠨ ᠭᠠᠷ ᠤᠷᠠᠯᠠᠯ ᠤᠨ ᠪᠦᠳᠦᠭᠡᠭᠳᠡᠭᠦᠨ ᠵᠢᠴᠢ ᠮᠠᠯᠴᠢᠳ ᠤᠨ ᠬᠢᠭᠰᠡᠨ ᠢᠰᠡᠭᠡᠢ ᠤᠷᠠᠯᠠᠯ ᠤᠨ ᠪᠦᠳᠦᠭᠡᠭᠳᠡᠭᠦᠨ ᠢ ᠲᠡᠯᠭᠡᠨ ᠦᠵᠡᠭᠦᠯᠦᠭᠰᠡᠨ ᠤ ᠬᠠᠮᠳᠤ ᠪᠠᠰᠠ ᠬᠠᠩᠭᠢᠨ ᠤ ᠤᠶᠢᠷᠠᠳᠬᠠᠨ ᠨᠡᠶᠢᠳᠡᠯᠡᠭᠰᠡᠨ ᠬᠤᠲᠠ ᠶᠢᠨ ᠲᠦᠷᠦᠯ ᠲᠡᠮᠳᠡᠭᠳᠤ ᠶᠢᠨ ᠳᠦᠷᠢ ᠲᠥᠷᠬᠦ ᠶᠢᠨ ᠲᠤᠬᠠᠢ ᠲᠠᠨᠢᠯᠴᠠᠭᠤᠯᠵᠦ᠂ ᠬᠠᠩᠭᠢᠨ ᠤ IP ᠶᠢᠨ ᠳᠦᠷᠢ ᠪᠠᠷ ᠬᠡᠤᠬᠡᠯᠲᠡᠢ ᠵᠤᠬᠢᠶᠠᠵᠦ ᠤᠯᠠᠨ ᠤ ᠠᠩᠬᠠᠷᠤᠯ ᠰᠤᠨᠢᠷᠬᠠᠯ ᠢ ᠲᠠᠳᠠᠭᠰᠠᠨ ᠪᠠᠶᠢᠨ᠎ᠠ᠃     ᠬᠠᠩᠭᠢᠨ ᠬᠤᠰᠢᠭᠤᠨ ᠤ ᠰᠤᠶᠤᠯ ᠪᠠ ᠵᠤᠭᠠᠴᠠᠯ ᠤᠨ ᠲᠤᠪᠴᠢᠶ᠎ᠠ ᠶᠢᠨ ᠲᠠᠳ᠋ ᠲᠤᠪᠴᠢᠶᠠᠨ ᠲᠠᠷᠤᠭ᠎ᠠ ᠵᠶᠢ ᠯᠢ ᠨᠢ᠄ ︽ᠮᠠᠨ ᠤ ᠬᠤᠰᠢᠭᠤ ᠲᠤᠰ ᠤᠳᠠᠭᠠᠨ ᠤ ᠲᠡᠯᠭᠡᠨ ᠦᠵᠡᠭᠦᠯᠭᠡ ᠳᠤ ᠭᠤᠤᠯᠳᠠᠭᠤ ᠲᠦᠷᠪᠡᠨ ᠲᠦᠷᠦᠯ ᠤᠨ ᠪᠦᠳᠦᠭᠡᠯᠴᠢ ᠰᠤᠶᠤᠯ ᠤᠨ ᠪᠦᠳᠦᠭᠡᠭᠳᠡᠭᠦᠨ ᠢ ᠲᠡᠯᠭᠡᠨ ᠦᠵᠡᠭᠦᠯᠪᠡ᠃ ᠡᠭᠦᠨ ᠳᠤ ᠪᠤᠲᠠᠰ ᠤᠨ ᠪᠤᠰᠤ ᠰᠤᠶᠤᠯ ᠤᠨ ᠦᠪ ᠤᠨ ᠪᠦᠳᠦᠭᠡᠭᠳᠡᠭᠦᠨ᠂ ᠲᠡᠤᠬᠡ ᠶᠢᠨ ᠲᠤᠷᠠᠰᠬᠠᠯᠳᠤ ᠵᠦᠢᠯᠡᠰ ᠢ ᠲᠠᠭᠤᠷᠢᠶᠠᠵᠦ ᠬᠢᠭᠰᠡᠨ ᠭᠠᠷ ᠤᠷᠠᠯᠠᠯ ᠤᠨ ᠪᠦᠳᠦᠭᠡᠭᠳᠡᠭᠦᠨ᠂ ᠵᠠᠩ ᠦᠢᠯᠡ ᠶᠢᠨ ᠲᠤᠬᠠᠢ ᠪᠦᠳᠦᠭᠡᠯᠴᠢ ᠰᠤᠶᠤᠯ ᠤᠨ ᠪᠦᠳᠦᠭᠡᠭᠳᠡᠭᠦᠨ᠂ ᠤᠷᠤᠨ ᠨᠤᠳᠤᠭ ᠤᠨ ᠤᠨᠴᠠᠯᠢᠭᠳᠦ ᠢᠳᠡᠭᠡᠨ ᠤᠮᠲᠠᠭᠠᠨ ᠵᠡᠷᠭᠡ ᠵᠦᠢᠯ ᠪᠠᠭᠳᠠᠨ᠎ᠠ᠃ ᠤᠶᠢᠷᠠᠳᠬᠠᠨ ᠬᠠᠩᠭᠢᠨ ᠬᠤᠰᠢᠭᠤ ᠪᠠᠰᠠ ᠬᠤᠲᠠ ᠶᠢᠨ ᠲᠦᠷᠦᠯ ᠲᠡᠮᠳᠡᠭᠳᠤ ᠶᠢᠨ ᠳᠦᠷᠢ ᠲᠥᠷᠬᠦ ᠶᠢ ᠨᠡᠶᠢᠳᠡᠯᠡᠪᠡ᠃ ᠲᠤᠰ ᠤᠳᠠᠭᠠᠨ ᠤ ᠲᠡᠯᠭᠡᠨ ᠦᠵᠡᠭᠦᠯᠭᠡ ᠳᠤ ᠡᠨᠡ ᠲᠠᠯ᠎ᠠ ᠶᠢᠨ ᠪᠦᠳᠦᠭᠡᠭᠳᠡᠭᠦᠨ ᠢ ᠲᠡᠯᠭᠡᠨ ᠦᠵᠡᠭᠦᠯᠵᠦ᠂ ᠡᠭᠦᠨ ᠢᠶᠠᠷ ᠲᠤᠬᠢᠶᠠᠯ ᠪᠤᠯᠭᠠᠵᠦ ᠬᠠᠩᠭᠢᠨ ᠬᠤᠰᠢᠭᠤᠨ ᠤ ᠬᠦᠨ ᠵᠤᠵᠠᠭᠠᠨ ᠰᠤᠶᠤᠯ ᠤᠨ ᠠᠭᠤᠯᠬᠤᠨ ᠢ ᠤᠯᠠᠨ ᠳᠤ ᠲᠠᠨᠢᠭᠤᠯᠵᠦ᠂ ᠬᠠᠩᠭᠢᠨ ᠬᠤᠰᠢᠭᠤᠨ ᠤ ᠬᠤᠳᠠ ᠶᠢᠨ ᠲᠦᠷᠢ ᠲᠦᠷᠭᠦ ᠶᠢ ᠪᠦᠬᠦ ᠲᠠᠯ᠎ᠠ ᠪᠠᠷ ᠱᠤᠭᠤᠵᠦ᠂ ᠬᠤᠳᠠ ᠶᠢᠨ ᠲᠦᠷᠢ ᠲᠦᠷᠭᠦ ᠶᠢ ᠬᠦᠮᠦᠰ ᠤᠨ ᠤᠢ ᠤᠬᠠᠭᠠᠨ ᠳᠤ ᠤᠯᠠᠮ ᠨᠢᠭᠡ ᠠᠯᠬᠤᠮ ᠬᠠᠳᠠᠩᠰᠢᠭᠤᠯᠬᠤ ᠶᠢ ᠵᠤᠷᠢᠭᠰᠠᠨ ᠶᠤᠮ︾ ᠭᠡᠵᠦ ᠢᠯᠡᠷᠬᠡᠶᠢᠯᠡᠵᠤ ᠪᠠᠶᠢᠯ᠎ᠠ᠃
ᠢᠷᠡᠯᠲᠡ᠄ ᠣᠷᠳᠣᠰ ᠤᠨ ᠡᠳᠦᠷ ᠦᠨ ᠰᠣᠨᠢᠨ