ᠳ᠋ᠦ᠋ ᠬᠤᠢ ᠯᠢᠶᠠᠩ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠤᠨ ᠦᠨᠡᠯᠡᠨ ᠵᠢᠱᠢᠯᠲᠡ ᠶᠢᠨ ᠲᠠᠭᠯᠠᠨ ᠮᠡᠳᠡᠭᠦᠯᠬᠦ ᠠᠵᠢᠯ ᠢ ᠬᠢᠨᠠᠨ ᠵᠢᠯᠤᠭᠤᠳᠴᠤ ᠪᠠᠶᠢᠴᠠᠭᠠᠪᠠ
ᠨᠡᠶᠢᠲᠡᠯᠡᠭᠰᠡᠨ ᠴᠠᠭ᠄
2023/11/22
     ᠤᠶᠢᠷ᠎ᠠ ᠶᠢᠨ ᠡᠳᠤᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠳ᠋ᠦ᠋ ᠬᠤᠢ ᠯᠢᠶᠠᠩ ᠴᠢᠳᠠᠪᠤᠷᠢᠲᠠᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠲᠤ ᠬᠦᠷᠴᠦ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠤᠨ ᠦᠨᠡᠯᠡᠨ ᠵᠢᠱᠢᠯᠲᠡ ᠶᠢᠨ ᠲᠠᠭᠯᠠᠨ ᠮᠡᠳᠡᠭᠦᠯᠬᠦ ᠠᠵᠢᠯ ᠢ ᠬᠢᠨᠠᠨ ᠵᠢᠯᠤᠭᠤᠳᠴᠤ ᠪᠠᠶᠢᠴᠠᠭᠠᠪᠠ᠃      2023 ᠣᠨ ᠤ ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠤᠨ ᠦᠨᠡᠯᠡᠨ ᠵᠢᠱᠢᠯᠲᠡ ᠶᠢᠨ ᠣᠷᠳᠣᠰ ᠬᠤᠳᠠ ᠶᠢᠨ ᠲᠠᠭᠯᠠᠨ ᠮᠡᠳᠡᠭᠦᠯᠬᠦ ᠲᠤᠬᠠᠢ ᠶᠢᠨ ᠲᠠᠯᠠᠪᠠᠢ ᠳᠤ᠂ ᠳ᠋ᠦ᠋ ᠬᠤᠢ ᠯᠢᠶᠠᠩ ᠡᠯ᠎ᠡ ᠲᠠᠭᠯᠠᠨ ᠮᠡᠳᠡᠭᠦᠯᠬᠦ ᠲᠤᠰᠬᠠᠢ ᠲᠣᠭᠤᠷᠢᠭ ᠢ ᠨᠢᠭᠡᠳ ᠨᠢᠭᠡ ᠪᠠᠷ ᠪᠠᠶᠢᠴᠠᠭᠠᠨ ᠦᠵᠡᠵᠦ᠂ ᠡᠯ᠎ᠡ ᠵᠦᠢᠯ ᠤᠨ ᠭᠦᠢᠴᠡᠳᠭᠡᠯ ᠲᠤᠭ᠎ᠠ ᠶᠢᠨ ᠠᠭᠤᠯᠭ᠎ᠠ ᠪᠣᠯᠣᠨ ᠲᠠᠭᠯᠠᠨ ᠮᠡᠳᠡᠭᠦᠯᠦᠭᠰᠡᠨ ᠪᠠᠶᠢᠳᠠᠯ ᠢ ᠨᠠᠷᠢᠨ ᠣᠶᠢᠯᠠᠭᠠᠵᠤ᠂ ᠲᠠᠭᠯᠠᠨ ᠮᠡᠳᠡᠭᠦᠯᠦᠭᠰᠡᠨ ᠬᠠᠮᠢᠶ᠎ᠠ ᠪᠦᠬᠦᠢ ᠮᠠᠲ᠋ᠧᠷᠢᠶᠠᠯ ᠢ ᠪᠠᠶᠢᠴᠠᠭᠠᠨ ᠦᠵᠡᠵᠦ᠂ ᠣᠷᠣᠰᠢᠵᠤ ᠪᠠᠶᠢᠭ᠎ᠠ ᠠᠰᠠᠭᠤᠳᠠᠯ ᠢ ᠯᠠᠪᠯᠠᠨ ᠠᠰᠠᠭᠤᠵᠤ᠂ ᠰᠢᠢᠳᠪᠦᠷᠢᠯᠡᠬᠦ ᠠᠷᠭ᠎ᠠ ᠶᠢ ᠰᠤᠳᠤᠯᠵᠤ᠂ ᠠᠵᠢᠯ ᠤᠨ ᠱᠠᠭᠠᠷᠳᠠᠯᠭ᠎ᠠ ᠪᠠᠨ ᠳᠤᠷᠠᠳᠪᠠ᠃      ᠳ᠋ᠦ᠋ ᠬᠤᠢ ᠯᠢᠶᠠᠩ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠪᠣᠯ ︽ᠨᠢᠭᠡᠳᠦᠭᠡᠷ ᠢᠨᠵᠧᠨᠧᠷᠢᠩ︾ ᠮᠥᠨ᠃ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠦᠨᠡᠯᠡᠨ ᠵᠢᠱᠢᠬᠦ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠦᠨᠡᠯᠡᠨ ᠵᠢᠱᠢᠬᠦ ᠪᠠᠷᠢᠮᠵᠢᠶ᠎ᠠ ᠶᠢ ᠨᠠᠷᠢᠨ ᠬᠢᠨᠠᠮᠠᠭᠠᠢ ᠬᠠᠷᠢᠴᠠᠭᠤᠯᠤᠨ᠂ ᠭᠡᠷᠡᠴᠢᠯᠡᠬᠦ ᠮᠠᠲ᠋ᠧᠷᠢᠶᠠᠯ ᠢ ᠬᠠᠷᠭᠤᠭᠤᠯᠤᠨ ᠲᠡᠭᠦᠯᠳᠡᠷᠵᠢᠭᠦᠯᠵᠦ᠂ ᠲᠠᠭᠯᠠᠨ ᠮᠡᠳᠡᠭᠦᠯᠬᠦ ᠠᠵᠢᠯ ᠢ ᠴᠢᠨᠠᠷ ᠰᠠᠶᠢᠲᠠᠢ ᠪᠡᠶᠡᠯᠡᠭᠦᠯᠵᠦ᠂ ᠮᠠᠨ ᠤ ᠬᠤᠲᠠ ᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠤᠨ ᠦᠷ᠎ᠡ ᠪᠦᠲᠦᠮᠵᠢ ᠶᠢ ᠪᠥᠬᠦ ᠲᠠᠯ᠎ᠠ ᠪᠠᠷ ᠪᠤᠰᠤᠳᠴᠢ ᠪᠠᠷ ᠲᠤᠰᠬᠠᠬᠤ ᠬᠡᠷᠡᠭᠲᠡᠢ᠃ ᠲᠡᠷᠢᠭᠦᠨ ᠳᠤ ᠣᠷᠣᠬᠤ ᠪᠠᠷ ᠴᠢᠷᠮᠠᠶᠢᠬᠤ ᠤᠬᠠᠮᠰᠠᠷ ᠢ ᠪᠤᠢ ᠪᠣᠯᠭᠠᠵᠤ᠂ ᠡᠯ᠎ᠡ ᠵᠦᠢᠯ ᠤᠨ ᠭᠦᠢᠴᠡᠳᠬᠡᠯ ᠲᠤᠭ᠎ᠠ ᠶᠢᠨ ᠠᠭᠤᠯᠤᠭᠳᠠᠬᠤᠨ ᠢ ᠭᠦᠨᠵᠡᠭᠡᠢ ᠰᠤᠳᠤᠯᠤᠨ ᠨᠠᠷᠢᠨ ᠤᠩᠰᠢᠵᠤ᠂ ᠨᠢᠭᠡ ᠨᠢᠭᠡ ᠪᠠᠷ ᠪᠠᠬᠢᠵᠢᠭᠦᠯᠦᠨ ᠳᠡᠭᠡᠭᠰᠢᠯᠡᠭᠦᠯᠵᠦ᠂ ᠨᠡᠩ ᠤᠯᠠᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠤᠨ ᠬᠦᠷᠢᠶᠡᠨ ᠤ ︽ᠭᠠᠭᠴᠠ ᠲᠥᠷᠥᠯ ᠤᠨ ᠮᠠᠩᠯᠠᠢ︾᠎ ᠶᠢ ᠡᠭᠦᠳᠴᠦ᠂ ︽ᠭᠠᠭᠴᠠ ᠲᠥᠷᠥᠯ ᠤᠨ ᠮᠠᠩᠯᠠᠢ︾ ᠨᠢᠵᠡᠭᠡᠳ ᠤᠨ ᠬᠤᠷᠠᠮᠳᠤᠭᠤᠯᠤᠯ ᠢᠶᠠᠷ ︽ᠪᠦᠷᠢᠨ ᠴᠢᠳᠠᠪᠤᠷᠢ ᠶᠢᠨ ᠮᠠᠩᠯᠠᠢ︾ ᠪᠣᠯᠬᠤ ᠬᠡᠷᠡᠭᠲᠡᠢ᠃ ᠦᠨᠡᠯᠡᠬᠦ ᠪᠠᠷ ᠰᠢᠯᠢᠳᠡᠭ ᠢ ᠠᠬᠢᠭᠤᠯᠬᠤ ᠶᠢ ᠪᠠᠷᠢᠮᠲᠠᠯᠠᠵᠤ᠂ ᠦᠨᠡᠯᠡᠨ ᠵᠢᠱᠢᠯᠲᠡ ᠶᠢᠨ ᠲᠠᠭᠯᠠᠨ ᠮᠡᠳᠡᠭᠦᠯᠬᠦ ᠠᠵᠢᠯ ᠳᠠᠬᠢ ᠰᠠᠶᠢᠨ ᠲᠤᠷᠰᠢᠯᠭ᠎ᠠ ᠠᠷᠭ᠎ᠠ ᠬᠢᠳᠡᠯ ᠢ ᠳ᠋ᠦᠩᠨᠡᠨ ᠳᠡᠭᠡᠭᠰᠢᠯᠡᠭᠦᠯᠵᠦ᠂ ᠳᠤᠲᠠᠭᠤᠳᠠᠯ ᠪᠠᠭᠤᠷᠠᠢ ᠲᠠᠯ᠎ᠠ ᠪᠠᠨ ᠴᠠᠭ ᠲᠤᠬᠠᠢ ᠳᠤᠨᠢ ᠨᠥᠬᠦᠪᠦᠷᠢᠯᠡᠵᠦ᠂ ᠦᠨᠡᠯᠡᠨ ᠵᠢᠱᠢᠬᠦ ᠤᠷᠮᠠᠰᠢᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠲᠡᠷᠢᠭᠦᠨ ᠤ ᠨᠡᠶᠢᠲᠡᠯᠢᠭ ᠵᠢᠱᠢᠶ᠎ᠡ ᠶᠢᠨ ᠭᠡᠷᠡᠯᠲᠦ ᠬᠠᠭᠤᠳᠠᠰᠤ ᠶᠢ ᠨᠡᠩ ᠭᠢᠯᠠᠷᠠᠭᠤᠯᠵᠤ᠂ ᠪᠦᠬᠦ ᠬᠤᠳᠠ ᠶᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠢ ᠲᠠᠬᠢᠨ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠬᠤ ᠬᠡᠷᠡᠭᠲᠡᠢ ᠭᠡᠪᠡ᠃      ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠰᠤ᠋ ᠼᠦᠢ ᠹᠠᠩ᠂ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶᠠᠨ ᠤ ᠳᠠᠷᠤᠭ᠎ᠠ ᠰᠤ᠋ ᠯᠢ ᠵᠢᠶᠦ᠋ᠨ ᠣᠷᠤᠯᠴᠠᠪᠠ᠃
ᠢᠷᠡᠯᠲᠡ᠄ ᠣᠷᠳᠣᠰ ᠤᠨ ᠡᠳᠦᠷ ᠦᠨ ᠰᠣᠨᠢᠨ