ᠳ᠋ᠦ᠋ ᠬᠤᠢ ᠯᠢᠶᠠᠩ ᠳ᠋ᠦᠩᠱᠧᠩ ᠲᠤᠭᠤᠷᠢᠭ ᠲᠤ ᠭᠤᠤᠯ ᠰᠡᠳᠦᠪᠲᠦ ᠬᠦᠮᠦᠵᠢᠯ ᠤᠨ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠥᠭᠤᠳᠪᠠ
ᠨᠡᠶᠢᠲᠡᠯᠡᠭᠰᠡᠨ ᠴᠠᠭ᠄
2023/11/23
    ᠣᠶᠢᠷ᠎ᠠ ᠶᠢᠨ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠳ᠋ᠦ᠋ ᠬᠤᠢ ᠯᠢᠶᠠᠩ ᠳ᠋ᠦᠩᠱᠧᠩ ᠲᠤᠭᠤᠷᠢᠭ ᠲᠤ ᠭᠤᠤᠯ ᠰᠡᠳᠦᠪᠲᠦ ᠬᠦᠮᠦᠵᠢᠯ ᠤᠨ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠥᠭᠤᠳᠴᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠬᠡᠮ ᠵᠢᠷᠦᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠳᠠ ᠱᠠᠭᠠᠷᠳᠠᠯᠭ᠎ᠠ ᠶᠤᠰᠤᠭᠠᠷ᠂ ᠰᠤᠷᠤᠯᠴᠠᠬᠤ ᠰᠡᠳᠬᠢᠬᠦ ᠬᠡᠷᠡᠭᠯᠡᠬᠦ ᠶᠢ ᠤᠶᠠᠯᠳᠤᠭᠤᠯᠬᠤ᠂ ᠮᠡᠳᠡᠬᠦᠢ ᠢᠲᠡᠭᠡᠬᠦᠢ ᠬᠢᠬᠦᠢ ᠶᠢ ᠨᠢᠭᠡᠳᠦᠯᠲᠡᠢ ᠪᠠᠶᠢᠯᠭᠠᠬᠤ ᠶᠢ ᠪᠠᠷᠢᠮᠲᠠᠯᠠᠵᠤ᠂ ᠭᠤᠤᠯ ᠰᠡᠳᠦᠪᠲᠦ ᠬᠦᠮᠦᠵᠢᠯ ᠢ ᠭᠦᠨᠵᠡᠭᠡᠶᠢᠷᠡᠭᠦᠯᠦᠨ ᠪᠤᠳᠠᠲᠠᠶᠢᠵᠢᠭᠤᠯᠬᠤ ᠶᠢ ᠳᠠᠰᠤᠷᠠᠯᠳᠠ ᠦᠭᠡᠢ ᠠᠬᠢᠭᠤᠯᠬᠤ ᠬᠡᠷᠡᠭᠲᠡᠢ ᠭᠡᠵᠤ ᠴᠢᠬᠤᠯᠠᠴᠢᠯᠠᠪᠠ᠃
1.1.jpg
1.2.jpg   
1.3.jpg
    ᠠᠨᠳᠠ ᠨᠡᠶᠢᠬᠡᠮ ᠲᠤᠭᠤᠷᠢᠭ ᠲᠤ  ᠳ᠋ᠦ᠋ ᠬᠤᠢ ᠯᠢᠶᠠᠩ ᠳ᠋ᠦᠩᠱᠧᠩ ᠲᠤᠭᠤᠷᠢᠭ ᠪᠤᠯᠤᠨ ᠨᠡᠶᠢᠬᠡᠮ ᠲᠤᠭᠤᠷᠢᠭ ᠤᠨ ᠭᠤᠤᠯ ᠰᠡᠳᠦᠪᠲᠦ ᠬᠦᠮᠦᠵᠢᠯ ᠤᠨ ᠠᠵᠢᠯ ᠢ ᠥᠷᠨᠢᠭᠦᠯᠵᠤ ᠪᠠᠶᠢᠭ᠎ᠠ ᠪᠠᠶᠢᠳᠠᠯ ᠢ ᠰᠤᠨᠤᠰᠴᠦ᠂ ᠨᠡᠶᠢᠬᠡᠮ ᠲᠤᠭᠤᠷᠢᠭ ᠭᠤᠤᠯ ᠰᠡᠳᠦᠪᠲᠦ ᠬᠦᠮᠦᠵᠢᠯ ᠤᠨ ᠬᠤᠯᠪᠤᠭᠳᠠᠯ ᠪᠦᠬᠦᠢ ᠠᠵᠢᠯ ᠤᠨ ᠨᠠᠷᠢᠨ ᠳᠠᠩᠰᠠ ᠶᠢ ᠪᠠᠶᠢᠴᠠᠭᠠᠨ ᠦᠵᠡᠭᠰᠡᠨ ᠤ ᠬᠠᠮᠲᠤ ᠨᠡᠶᠢᠬᠡᠮ ᠲᠤᠭᠤᠷᠢᠭ ᠤᠨ ᠰᠠᠭᠤᠭᠠᠯᠢ ᠠᠷᠠᠳ ᠲᠠᠢ ᠰᠠᠨᠠᠯ ᠢᠶᠠᠨ ᠰᠤᠯᠢᠯᠴᠠᠪᠠ᠃ ᠲᠡᠷᠡ᠂ ᠭᠤᠤᠯ ᠰᠡᠳᠦᠪᠲᠦ ᠬᠦᠮᠦᠵᠢᠯ ᠢ ᠥᠷᠨᠢᠭᠦᠯᠬᠦ ᠳᠤ ᠡᠷᠬᠡᠪᠡᠰᠢ ᠪᠤᠳᠠᠲᠠᠢ ᠶᠢ ᠡᠷᠬᠢᠮᠯᠡᠨ᠂ ᠦᠷ᠎ᠡ ᠪᠦᠲᠦᠮᠵᠢ ᠪᠠᠷ ᠤᠳᠤᠷᠢᠳᠤᠮᠵᠢ ᠪᠤᠯᠭᠠᠬᠤ ᠶᠢ ᠳᠤᠪᠤᠶᠢᠯᠭᠠᠨ᠂ ᠤᠯᠠᠨ ᠲᠦᠮᠡᠨ ᠤ ᠰᠡᠳᠬᠢᠯ ᠬᠠᠨᠤᠮᠵᠢᠲᠠᠢ ᠪᠠᠶᠢᠬᠤ ᠡᠰᠡᠬᠦ ᠪᠠᠷ ᠴᠢᠬᠤᠯᠠ ᠪᠠᠷᠢᠮᠵᠢᠶ᠎ᠡ ᠪᠤᠯᠭᠠᠵᠤ᠂ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠤᠨᠤᠰᠴᠦ᠂ ᠨᠠᠮ ᠢᠶᠠᠨ ᠳᠠᠭᠠᠬᠤ︾ ᠤᠯᠠᠨ ᠲᠦᠮᠡᠨ ᠤ ᠬᠦᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠢ ᠥᠷᠨᠢᠭᠦᠯᠬᠦ ᠬᠡᠷᠡᠭᠲᠡᠢ︔ ᠠᠷᠭ᠎ᠠ ᠪᠤᠳᠤᠯᠭ᠎ᠠ ᠶᠢ ᠠᠷᠠᠳ ᠠᠴᠠ ᠠᠰᠠᠭᠤᠬᠤ ᠶᠢ ᠪᠠᠷᠢᠮᠳᠠᠯᠠᠵᠤ᠂ ᠤᠯᠠᠨ ᠲᠦᠮᠡᠨ ᠠᠴᠠ ᠠᠷᠠᠳ ᠤᠨ ᠠᠮᠢᠳᠤᠷᠠᠯ ᠤᠨ ᠪᠤᠳᠠᠲᠤ ᠶᠠᠪᠤᠳᠠᠯ ᠤᠨ ᠲᠥᠷᠥᠯ ᠵᠦᠢᠯ ᠢ ᠴᠤᠭᠯᠠᠭᠤᠯᠵᠤ᠂ ᠭᠤᠤᠯᠳᠠᠯᠭ᠎ᠠ ᠲᠠᠢ ᠠᠷᠠᠳ ᠤᠨ ᠠᠮᠢᠳᠤᠷᠠᠯ ᠤᠨ ᠢᠨᠵᠧᠨᠧᠷᠢᠩ ᠢ ᠯᠠᠪᠳᠠᠭᠤᠨ ᠪᠠᠲᠤᠲᠠᠢ ᠠᠬᠢᠭᠤᠯᠵᠤ᠂ ᠨᠠᠰᠤᠲᠠᠶᠢᠴᠤᠳ ᠬᠡᠦᠬᠡᠳ ᠤᠨ ᠦᠢᠯᠡᠴᠢᠯᠡᠭᠡ ᠪᠠᠲᠤᠯᠠᠭ᠎ᠠ ᠵᠡᠷᠭᠡ ᠠᠷᠠᠳ ᠤᠨ ᠠᠮᠢᠳᠤᠷᠠᠯ  ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠢ ᠰᠠᠶᠢᠲᠤᠷ ᠰᠢᠢᠳᠪᠦᠷᠢᠯᠡᠵᠤ᠂ ᠤᠯᠠᠨ ᠲᠦᠮᠡᠨ ᠳᠤ ᠭᠤᠤᠯ ᠰᠡᠳᠦᠪᠲᠤ ᠬᠦᠮᠦᠵᠢᠯ ᠢ ᠥᠷᠨᠢᠭᠦᠯᠦᠭᠰᠡᠨ ᠰᠢᠨ᠎ᠡ ᠬᠤᠪᠢᠷᠠᠯᠳᠠ ᠶᠢ ᠮᠡᠳᠡᠷᠡᠭᠦᠯᠬᠦ ᠪᠠᠷ ᠴᠢᠷᠮᠠᠶᠢᠬᠤ ᠬᠡᠷᠡᠭᠲᠡᠢ ᠭᠡᠵᠡᠢ᠃ ᠥᠪᠥᠷ ᠮᠣᠩᠭᠤᠯ ᠤᠨ ᠦᠨᠳᠦᠰᠦᠲᠡᠨ ᠤ ᠴᠡᠴᠡᠷᠯᠢᠭ ᠤᠨ ᠪᠠᠭᠰᠢ ᠶᠢᠨ ᠲᠤᠰᠬᠠᠢ ᠮᠡᠷᠭᠡᠵᠢᠯ ᠤᠨ ᠳᠡᠭᠡᠳᠦ ᠰᠤᠷᠭᠠᠭᠤᠯᠢ ᠳᠤ᠂ ᠳ᠋ᠦ᠋ ᠬᠤᠢ ᠯᠢᠶᠠᠩ ᠰᠤᠷᠭᠠᠭᠤᠯᠢ ᠶᠢᠨ ᠭᠤᠤᠯ ᠰᠡᠳᠦᠪᠲᠦ ᠬᠦᠮᠦᠵᠢᠯ ᠢ ᠥᠷᠨᠢᠭᠦᠯᠵᠤ ᠪᠠᠶᠢᠭ᠎ᠠ ᠵᠢᠴᠢ ᠴᠢᠳᠠᠪᠤᠷᠢᠲᠠᠨ ᠢ ᠬᠦᠮᠦᠵᠢᠭᠦᠯᠬᠦ᠂ ᠣᠨᠴᠠᠯᠢᠭᠲᠦ ᠰᠢᠨᠵᠢᠯᠡᠭᠡᠨ ᠤ ᠰᠠᠯᠠᠭ᠎ᠠ ᠶᠢᠨ ᠪᠠᠶᠢᠭᠤᠯᠤᠯᠲᠠ ᠵᠡᠷᠭᠡ ᠪᠠᠶᠢᠳᠠᠯ ᠢ ᠨᠠᠷᠢᠨ ᠤᠶᠢᠯᠭᠠᠭᠰᠠᠨ ᠤ ᠬᠠᠮᠲᠤ ᠰᠤᠷᠭᠠᠭᠤᠯᠢ ᠶᠢᠨ ᠤᠳᠤᠷᠢᠳᠬᠤ ᠪᠠᠭ᠂ ᠪᠠᠭᠰᠢ ᠰᠤᠷᠤᠭᠴᠢᠳ ᠤᠨ ᠲᠦᠯᠥᠭᠡᠯᠡᠭᠴᠢᠳ ᠲᠠᠢ ᠰᠠᠭᠤᠨ ᠶᠠᠷᠢᠯᠴᠠᠪᠠ᠃ ᠲᠡᠷᠡ᠂ ᠭᠤᠤᠯ ᠰᠡᠳᠦᠪᠲᠦ ᠬᠦᠮᠦᠵᠢᠯ ᠢ ᠥᠨᠳᠥᠷ ᠪᠠᠷᠢᠮᠵᠢᠶ᠎ᠠ ᠴᠢᠨᠠᠷ ᠰᠠᠶᠢᠲᠠᠢ ᠥᠷᠨᠢᠭᠦᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠦᠮ ᠤᠨ ᠦᠵᠡᠯ ᠰᠠᠨᠠᠭ᠎ᠠ ᠪᠠᠷ ᠰᠦᠭ ᠰᠦᠨᠡᠰᠦ ᠶᠢ ᠱᠤᠭᠤᠵᠤ ᠬᠦᠮᠦᠨ ᠶᠢ ᠬᠦᠮᠦᠵᠢᠭᠦᠯᠬᠦ ᠶᠢ ᠪᠠᠷᠢᠮᠳᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠰᠤᠷᠭᠠᠨ ᠬᠦᠮᠦᠵᠢᠯ ᠤᠨ ᠲᠤᠬᠠᠢ ᠴᠢᠬᠤᠯᠠ ᠦᠭᠦᠯᠡᠯᠲᠡ ᠶᠢ ᠰᠡᠳᠬᠢᠯ  ᠳᠡᠭᠡᠨ ᠬᠠᠳᠠᠩᠰᠢᠭᠤᠯᠵᠤ ᠪᠤᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠰᠤᠷᠭᠠᠨ ᠬᠦᠮᠦᠵᠢᠯ ᠤᠨ ᠤᠨᠴᠠᠯᠢᠭ᠂ ᠶᠡᠭᠡ ᠳᠡᠭᠡᠳᠦ ᠰᠤᠷᠭᠠᠭᠤᠯᠢ  ᠶᠢᠨ ᠤᠨᠴᠠᠯᠢᠭ᠂ ᠪᠠᠭᠰᠢ ᠰᠤᠷᠤᠭᠴᠢ ᠶᠢᠨ ᠤᠨᠴᠠᠯᠢᠭ ᠲᠠᠢ ᠨᠢᠭᠲᠠ ᠤᠶᠠᠯᠳᠤᠭᠤᠯᠵᠤ᠂ ᠪᠠᠶᠢᠴᠠᠭᠠᠨ ᠰᠤᠳᠤᠯᠤᠯᠲᠠ ᠬᠢᠬᠦ᠂ ᠬᠥᠭᠵᠢᠯᠲᠡ ᠶᠢ ᠠᠬᠢᠭᠤᠯᠬᠤ᠂ ᠪᠠᠶᠢᠴᠠᠭᠠᠨ ᠦᠵᠡᠵᠤ ᠬᠠᠯᠠᠨ ᠰᠠᠶᠢᠵᠢᠷᠠᠭᠤᠯᠬᠤ ᠵᠡᠷᠭᠡ ᠭᠤᠤᠯᠳᠠᠯᠭ᠎ᠠ ᠲᠠᠢ ᠡᠭᠦᠷᠭᠡ ᠶᠢ ᠯᠠᠪᠳᠠᠭᠤᠨ ᠪᠠᠲᠤᠲᠠᠢ ᠠᠬᠢᠭᠤᠯᠤᠨ᠂ ᠭᠤᠤᠯ ᠰᠡᠳᠦᠪᠲᠦ ᠬᠦᠮᠦᠵᠢᠯ ᠤᠨ ᠪᠤᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠡᠭᠦᠷᠭᠡ ᠬᠠᠷᠢᠭᠤᠴᠠᠯᠭ᠎ᠠ ᠶᠢᠨ ᠤᠬᠠᠮᠰᠠᠷ᠂ ᠬᠠᠷᠢᠭᠤᠴᠠᠯᠭᠠᠳᠤ ᠤᠬᠠᠮᠰᠠᠷ᠂ ᠠᠵᠠ ᠲᠤᠬᠢᠶᠠᠯ ᠤᠨ ᠤᠬᠠᠮᠰᠠᠷ᠂ ᠴᠢᠨᠠᠷᠵᠢᠯ ᠤᠨ ᠤᠬᠠᠮᠰᠠᠷ᠂ ᠬᠠᠷᠢᠭᠤᠴᠠᠯᠭᠠᠲᠤ ᠤᠬᠠᠮᠰᠠᠷ ᠢ ᠪᠤᠢ ᠪᠤᠯᠭᠠᠵᠤ᠂ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠬᠢᠷᠢ ᠳᠥᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠂ ᠪᠦᠬᠦ ᠬᠤᠲᠠ ᠶᠢᠨ ᠴᠢᠨᠠᠷ ᠰᠠᠶᠢᠲᠠᠢ ᠬᠥᠭᠵᠢᠯᠲᠡ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠬᠤ ᠬᠡᠷᠡᠭᠲᠡᠢ ᠭᠡᠵᠡᠢ᠃  
1.4.jpg
      ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠭᠦᠨ᠂ ᠬᠤᠲᠠ ᠶᠢᠨ ᠳᠡᠳ᠋ ᠳᠠᠷᠤᠭ᠎ᠠ ᠬᠤᠸᠠ ᠷᠦᠢ ᠹᠧᠩ ᠪᠠᠶᠢᠴᠠᠭᠠᠨ ᠰᠤᠳᠤᠯᠤᠯᠲᠠ ᠳᠤ ᠤᠷᠤᠯᠴᠠᠪᠠ᠃
ᠢᠷᠡᠯᠲᠡ᠄ ᠤᠷᠳᠤᠰ ᠤᠨ ᠡᠳᠦᠷ ᠤᠨ ᠰᠤᠨᠢᠨ