ᠬᠤᠲᠠ ᠶᠢᠨ ᠵᠠᠰᠠᠭ ᠤᠨ ᠤᠷᠳᠤᠨ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ ᠰᠢᠨ᠎ᠡ ᠡᠨᠧᠷᠬᠢ ᠶᠢᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠬᠦ ᠠᠵᠢᠯ ᠢ ᠰᠤᠳᠤᠯᠤᠨ ᠪᠠᠶᠢᠷᠢᠯᠠᠭᠤᠯᠵᠠᠢ
ᠨᠡᠶᠢᠲᠡᠯᠡᠭᠰᠡᠨ ᠴᠠᠭ᠄
2023/11/24
    ᠤᠶᠢᠷ᠎ᠠ ᠶᠢᠨ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠳ᠋ᠦ᠋ ᠬᠤᠢ ᠯᠢᠶᠠᠩ ᠲᠤᠰᠬᠠᠢ ᠰᠡᠳᠦᠪᠲᠦ ᠬᠤᠲᠠᠯ ᠢ ᠡᠷᠬᠢᠯᠡᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠨᠥᠬᠦᠷ ᠤᠨ 11 ᠰᠠᠷ᠎ᠠ ᠶᠢᠨ 9᠎ ᠤ ᠡᠳᠦᠷ ᠎ ᠤᠨ ᠰᠢᠨ᠎ᠡ ᠡᠨᠧᠷᠬᠢ ᠶᠢᠨ ᠬᠥᠭᠵᠢᠯᠲᠡ ᠶᠢ ᠲᠦᠷᠭᠡᠳᠬᠡᠬᠦ ᠶᠠᠷᠢᠯᠴᠠᠬᠤ ᠬᠤᠷᠠᠯ ᠳᠡᠭᠡᠷᠡᠬᠢ ᠶᠠᠷᠢᠶᠠᠨ ᠤ ᠵᠤᠷᠢᠭ ᠰᠠᠨᠠᠭ᠎ᠠ ᠪᠠ 11 ᠰᠠᠷ᠎ᠠ ᠶᠢᠨ 16᠎ ᠤ ᠡᠳᠦᠷ ᠤᠨ ᠥᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠪᠠᠶᠢᠩᠭᠤ ᠶᠢᠨ ᠬᠤᠷᠠᠯ ᠤᠨ ᠵᠤᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠬᠤᠲᠠ ᠶᠢᠨ ᠰᠢᠨ᠎ᠡ ᠡᠨᠧᠷᠬᠢ ᠶᠢᠨ ᠬᠥᠭᠵᠢᠯᠲᠡ ᠶᠢᠨ ᠪᠠᠶᠢᠳᠠᠯ ᠤᠨ ᠬᠠᠷᠢᠭᠤ ᠮᠡᠳᠡᠭᠦᠯᠥᠯᠲᠡ ᠶᠢ ᠰᠤᠨᠤᠰᠴᠦ᠂ ᠳᠠᠷᠠᠭᠠᠴᠢ ᠶᠢᠨ ᠠᠯᠬᠤᠮ ᠤᠨ ᠠᠵᠢᠯ ᠢ ᠰᠤᠳᠤᠯᠤᠨ ᠪᠠᠶᠢᠷᠢᠯᠠᠭᠤᠯᠪᠠ᠃    ᠳ᠋ᠦ᠋ ᠬᠤᠢ ᠯᠢᠶᠠᠩ᠂ ᠰᠢᠨ᠎ᠡ ᠡᠨᠧᠷᠬᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠤᠯ ᠥᠪᠡᠷᠲᠡᠭᠡᠨ ᠵᠠᠰᠠᠠᠬᠤ ᠤᠷᠤᠨ ᠤ ᠤᠯᠤᠰ ᠤᠨ ᠴᠢᠬᠤᠯᠠ ᠡᠨᠧᠷᠬᠢ ᠪᠤᠯᠤᠨ ᠪᠠᠶᠢᠯᠳᠤᠬᠤ ᠪᠤᠳᠤᠯᠭ᠎ᠠ ᠶᠢᠨ ᠡᠬᠢ ᠪᠠᠶᠠᠯᠢᠭ ᠤᠨ ᠰᠠᠭᠤᠷᠢᠨ ᠢ ᠪᠦᠲᠦᠭᠡᠨ ᠪᠠᠶᠢᠭᠤᠯᠬᠤ ᠵᠠᠶᠢᠯᠠᠰᠢ ᠦᠭᠡᠢ ᠠᠷᠭ᠎ᠠ ᠬᠡᠮᠵᠢᠶ᠎ᠡ ᠮᠦᠨ᠂ ᠪᠦᠬᠦ ᠬᠤᠲᠠ ᠎ ᠶᠢᠨ ︽ᠬᠤᠤᠰ ᠨᠡᠭᠦᠷᠡᠰᠦᠲᠦ᠋ᠷᠦᠭᠴᠢ︾᠎ ᠶᠢᠨ ᠬᠠᠷᠠᠯᠳᠠ ᠶᠢ ᠪᠡᠶᠡᠯᠡᠭᠦᠯᠬᠦ ᠪᠠ ᠪᠤᠬᠢᠷᠳᠤᠯ ᠦᠭᠡᠢ ᠪᠠᠷ ᠭᠡᠯᠪᠡᠷᠢ ᠪᠠᠨ ᠬᠤᠪᠢᠷᠠᠭᠤᠯᠬᠤ ᠵᠠᠶᠢᠯᠠᠰᠢ ᠦᠭᠡᠢ ᠵᠠᠮᠨᠠᠬᠤ ᠵᠠᠮ ᠮᠥᠨ᠂ ᠤᠳᠤᠬᠠᠨ ᠤ ᠠᠵᠤ ᠦᠢᠯᠡᠰ ᠤᠨ ᠨᠡᠭᠦᠷᠡᠰᠦ ᠳᠤ ᠲᠦᠰᠢᠭᠯᠡᠬᠦ ᠬᠦᠨᠳᠦ ᠠᠵᠤ ᠦᠢᠯᠡᠳᠪᠦᠷᠢ ᠳᠤ ᠲᠦᠰᠢᠭᠯᠡᠬᠦ ᠠᠰᠠᠭᠤᠳᠠᠯ ᠢ ᠰᠢᠢᠳᠪᠦᠷᠢᠯᠡᠬᠦ ᠶᠢᠨ ᠳᠠᠪᠠᠭ᠋ᠤ ᠴᠢᠬᠤᠯᠠᠲᠠᠢ ᠪᠤᠭᠤᠮᠳᠠ ᠪᠤᠯᠤᠨ᠎ᠠ᠃ ᠰᠢᠨ᠎ᠡ ᠡᠨᠧᠷᠬᠢ ᠶᠢᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠬᠦ ᠲᠤᠯᠭᠠᠮ ᠰᠡᠳᠬᠢᠯᠭᠡ ᠪᠠ ᠬᠠᠷᠢᠭᠤᠴᠠᠯᠭᠠᠳᠤ ᠰᠡᠳᠬᠢᠯᠭᠡ ᠎ ᠪᠠᠨ ᠪᠦᠬᠦ ᠲᠠᠯ᠎ᠠ ᠪᠠᠷ ᠳᠡᠭᠡᠭᠰᠢᠯᠡᠭᠦᠯᠦᠨ᠂ ᠴᠤᠩᠬᠤᠪᠴᠢ ᠤᠬᠠᠮᠰᠠᠷ᠂ ᠠᠵᠠ ᠲᠤᠬᠢᠶᠠᠯ ᠤᠨ ᠤᠬᠠᠮᠰᠠᠷ᠂ ᠰᠢᠨ᠎ᠡ ᠶᠢ ᠡᠭᠦᠳᠬᠦ ᠤᠬᠠᠮᠰᠠᠷ ᠶᠢ ᠪᠠᠲᠤ ᠪᠠᠬᠢ ᠪᠤᠢ ᠪᠤᠯᠭᠠᠵᠤ᠂ ᠬᠠᠷᠠᠯᠳᠠ ᠪᠠᠨ ᠬᠡᠮᠵᠢᠶᠡᠯᠡᠨ᠂ ᠡᠭᠦᠷᠭᠡ ᠪᠠᠨ ᠨᠠᠷᠢᠯᠢᠭᠵᠢᠭᠤᠯᠵᠤ᠂ ᠰᠢᠨ᠎ᠡ ᠡᠨᠧᠷᠬᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠰᠢᠨ᠎ᠡ ᠡᠨᠧᠷᠬᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠪᠤᠬᠢᠷᠳᠤᠯ ᠦᠭᠡᠢ ᠴᠠᠬᠢᠯᠭᠠᠨ ᠢ ᠬᠡᠷᠡᠭᠯᠡᠨ ᠰᠢᠩᠭᠡᠭᠡᠬᠦ ᠪᠤᠳᠠᠲᠠᠢ ᠲᠥᠷᠥᠯ ᠵᠦᠢᠯ ᠪᠠ ᠠᠷᠭ᠎ᠠ ᠬᠡᠮᠵᠢᠶ᠎ᠡ ᠶᠢ ᠱᠠᠯᠠᠪᠳᠠᠨ ᠰᠤᠳᠤᠯᠵᠤ᠂ ︽ᠤᠳᠠᠭᠠᠨ ᠪᠠᠶᠢᠬᠤ︾᠎ ᠠᠴᠠ ᠪᠤᠯᠵᠤ ᠰᠠᠶᠢᠨ ᠳᠤᠬᠢᠶᠠᠯ ᠢ ᠶᠠᠭᠠᠬᠢᠭᠰᠠᠨ ᠴᠦ ᠠᠯᠳᠠᠵᠤ ᠪᠤᠯᠬᠤ ᠦᠭᠡᠢ᠂ ᠬᠥᠭᠵᠢᠯᠲᠡ ᠶᠢ ᠬᠠᠷᠰᠢᠯᠠᠵᠤ ᠪᠤᠯᠬᠤ ᠦᠭᠡᠢ᠃ ᠰᠢᠨ᠎ᠡ ᠡᠨᠧᠷᠬᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠᠶᠢᠯᠳᠤᠬᠤ ᠪᠤᠳᠤᠯᠭ᠎ᠠ ᠶᠢᠨ ᠲᠥᠯᠥᠪᠵᠢᠭᠦᠯᠭᠡ ᠶᠢ ᠪᠦᠬᠦ ᠲᠠᠯ᠎ᠠ ᠪᠠᠷ ᠴᠢᠩᠭᠠᠳᠬᠠᠵᠤ᠂ ᠦᠵᠡᠯ ᠰᠠᠨᠠᠭ᠎ᠠ ᠪᠠᠷ ᠴᠢᠯᠥᠭᠡᠯᠡᠨ᠂ ᠢᠲᠡᠭᠡᠯ ᠵᠤᠷᠢᠭ ᠢᠶᠠᠨ ᠪᠠᠲᠤᠳᠬᠠᠵᠤ᠂ ᠪᠤᠬᠢᠷᠳᠤᠯ ᠦᠭᠡᠢ ᠴᠠᠬᠢᠯᠭᠠᠨ ᠢ ᠬᠡᠷᠡᠭᠯᠡᠨ ᠰᠢᠩᠭᠡᠭᠡᠬᠦ ᠴᠢᠳᠠᠪᠤᠷᠢ ᠶᠢ ᠳᠡᠭᠡᠭᠰᠢᠯᠡᠬᠦᠯᠬᠦ ᠪᠠᠷ ᠭᠤᠤᠯᠳᠠᠯᠭ᠎ᠠ ᠪᠤᠯᠭᠠᠨ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ ᠰᠦᠷᠦᠭᠵᠢᠯ ᠢ ᠪᠠᠶᠢᠭᠤᠯᠬᠤ ᠪᠠᠷ ᠤᠳᠤᠷᠢᠳᠤᠮᠵᠢ ᠪᠤᠯᠭᠠᠵᠤ᠂ ᠬᠦᠷᠢᠶᠡᠯᠡᠩ ᠲᠤᠭᠤᠷᠢᠭ ᠤᠨ ᠴᠢᠨᠠᠷ ᠰᠠᠶᠢᠲᠠᠢ ᠬᠥᠭᠵᠢᠯᠲᠡ ᠪᠠᠷ ᠰᠠᠭᠤᠷᠢ ᠪᠤᠯᠭᠠᠨ᠂  ᠳᠡᠭᠡᠳᠦ ᠱᠠᠲᠤᠨ ᠤ ᠲᠥᠷᠥ ᠎ ᠶᠢᠨ ᠪᠤᠳᠤᠯᠭ᠎ᠠ ᠶᠢᠨ ᠳᠡᠮᠵᠢᠯᠭᠡ ᠶᠢ ᠰᠠᠨᠠᠭᠠᠴᠢᠯᠠᠭ᠎ᠠ ᠠᠴᠠ ᠪᠠᠨ ᠴᠢᠷᠮᠠᠶᠢᠨ ᠤᠯᠵᠤ᠂ ᠴᠠᠬᠢᠯᠭᠠᠨ ᠬᠦᠴᠦᠨ ᠤ ᠰᠢᠰᠲ᠋ᠧᠮ ᠤᠨ ᠥᠭᠡᠷᠡᠴᠢᠯᠡᠯᠲᠡ ᠬᠢᠵᠤ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠦᠨ᠂ ᠨᠡᠭᠦᠷᠡᠰᠦᠳᠦ᠋ᠷᠦᠭᠴᠢ ᠥᠯᠥ ᠭᠠᠳᠠᠭᠰᠢᠯᠠᠭᠤᠯᠬᠤ᠂ ᠨᠡᠭᠦᠷᠡᠰᠦᠳᠦ᠋ᠷᠦᠭᠴᠢ ᠪᠠᠭ᠎ᠠ ᠭᠠᠳᠠᠭᠰᠢᠯᠠᠭᠤᠯᠬᠤ ᠬᠦᠷᠢᠶᠡᠯᠡᠩ ᠲᠤᠭᠤᠷᠢᠭ ᠎ ᠤᠨ ᠠᠵᠢᠯ ᠢ ᠭᠦᠢᠴᠡᠳ ᠬᠢᠵᠤ᠂ ᠬᠦᠷᠢᠶ᠎ᠡ ᠴᠠᠷᠠᠭ᠎ᠠ᠂ ᠬᠦᠷᠢᠶᠡᠯᠡᠩ ᠲᠤᠭᠤᠷᠢᠭ ᠳᠠᠷᠠᠭᠠᠯᠠᠨ ᠪᠤᠬᠢᠷᠳᠤᠯ ᠦᠭᠡᠢ ᠴᠠᠬᠢᠯᠭᠠᠨ ᠢ ᠬᠡᠷᠡᠭᠯᠡᠨ ᠰᠢᠩᠭᠡᠭᠡᠬᠦ ᠤᠷᠤᠯᠠᠭᠤᠯᠬᠤ ᠲᠦᠰᠦᠯ ᠢ ᠲᠤᠭᠲᠠᠭᠠᠵᠤ᠂ ᠪᠦᠬᠦ ᠬᠦᠷᠢᠶ᠎ᠡ ᠴᠠᠷᠠᠭᠠᠨ ᠳᠤ ᠪᠤᠬᠢᠷᠳᠤᠯ ᠦᠭᠡᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ᠃ ᠲᠥᠷᠥ ᠶᠢᠨ ᠪᠤᠳᠤᠯᠭ᠎ᠠ ᠎ ᠶᠢᠨ ᠠᠷᠭ᠎ᠠ ᠬᠡᠮᠵᠢᠶ᠎ᠡ ᠪᠠ ᠬᠢᠨᠠᠨ ᠵᠥᠪᠰᠢᠶᠡᠷᠡᠬᠦ ᠶᠠᠪᠤᠴᠠ ᠶᠢ ᠥᠪᠡᠷᠲᠡᠭᠡᠨ ᠵᠠᠰᠠᠬᠤ ᠤᠷᠤᠨ ᠤ ᠱᠠᠭᠠᠷᠳᠠᠯᠭ᠎ᠠ ᠲᠠᠢ ᠪᠦᠬᠦ ᠲᠠᠯ᠎ᠠ ᠪᠠᠷ ᠪᠠᠷᠢᠮᠵᠢᠶᠠᠯᠠᠵᠤ ᠴᠤᠮᠬᠠᠳᠬᠠᠨ ᠰᠢᠯᠢᠳᠡᠭᠵᠢᠭᠦᠯᠵᠤ᠂ ᠰᠢᠨ᠎ᠡ ᠡᠨᠧᠷᠬᠢ ᠪᠠ ᠢᠵᠢ ᠪᠦᠷᠢᠳᠦᠭᠦᠯᠬᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠦᠯᠢᠶᠡᠰᠦ ᠶᠢ ᠳᠠᠶᠢᠯᠵᠤ ᠳᠠᠷᠤᠭᠠᠰᠤ ᠶᠢ ᠬᠥᠩᠭᠡᠷᠡᠭᠦᠯᠬᠦ ᠬᠡᠷᠡᠭᠲᠡᠢ᠃ ᠰᠢᠨ᠎ᠡ ᠡᠨᠧᠷᠬᠢ ᠶᠢᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠠᠷᠠᠯᠵᠢᠶᠠᠴᠢᠨ ᠤᠷᠢᠬᠤ ᠳᠠᠭᠠᠷᠢᠯᠲᠠ ᠶᠢ ᠪᠦᠬᠦ ᠲᠠᠯ᠎ᠠ ᠪᠠᠷ ᠥᠷᠨᠢᠭᠦᠯᠵᠤ᠂ ᠰᠢᠨ᠎ᠡ ᠡᠨᠧᠷᠬᠢ ᠶᠢᠨ ᠠᠵᠤ ᠦᠢᠯᠡᠰ ᠤᠨ ᠲᠥᠪᠯᠡᠷᠡᠭᠰᠡᠨ ᠭᠠᠵᠠᠷ ᠲᠤ ᠠᠩᠬᠠᠷᠤᠯ ᠢᠶᠠᠨ ᠲᠥᠪᠯᠡᠷᠡᠭᠦᠯᠦᠨ᠂ ᠤᠨᠢᠨ ᠳᠡᠭᠡᠷ᠎ᠡ ᠨᠢ ᠠᠷᠠᠯᠵᠢᠶᠠᠴᠢᠨ ᠤᠷᠢᠵᠤ ᠪᠡᠯᠡ ᠤᠷᠤᠭᠤᠯᠬᠤ ᠠᠵᠢᠯᠯᠠᠭ᠎ᠠ ᠶᠢ ᠥᠷᠨᠢᠭᠦᠯᠵᠤ᠂ ᠤᠷᠮᠠᠰᠢᠭᠤᠯᠬᠤ ᠲᠤᠭᠲᠠᠴᠠ ᠶᠢ ᠳᠡᠭᠦᠯᠳᠡᠷᠵᠢᠭᠦᠯᠦᠨ᠂ ᠨᠢᠭᠡ ᠪᠦᠯᠦᠭ ᠲᠤᠯᠥᠭᠠᠶᠢᠯᠠᠬᠤ ᠠᠵᠤ ᠠᠬᠤᠶᠢᠯᠠᠯ᠂ ᠭᠤᠤᠯᠳᠠᠯᠭ᠎ᠠ ᠲᠠᠢ ᠲᠥᠷᠥᠯ ᠵᠦᠢᠯ ᠢ ᠪᠦᠬᠦ ᠬᠦᠴᠦᠨ ᠢᠶᠠᠷ ᠢᠶᠠᠨ ᠤᠷᠤᠭᠤᠯᠤᠨ ᠠᠪᠴᠢᠷᠠᠵᠤ᠂ ᠰᠢᠨ᠎ᠡ ᠡᠨᠧᠷᠬᠢ ᠶᠢᠨ ᠠᠵᠤ ᠦᠢᠯᠡᠰ ᠤᠨ ᠬᠥᠭᠵᠢᠯᠲᠡ ᠶᠢᠨ ᠲᠠᠯ᠎ᠠ ᠪᠠᠷ ᠰᠢᠨ᠎ᠡ ᠵᠠᠮ ᠢ ᠨᠡᠭᠡᠭᠡᠵᠤ᠂ ᠡᠮᠦᠨ᠎ᠡ ᠡᠩᠨᠡᠭᠡᠨ ᠳᠤ ᠤᠷᠤᠬᠤ ᠪᠠᠷ ᠴᠢᠷᠮᠠᠶᠢᠬᠤ ᠬᠡᠷᠡᠭᠲᠡᠢ ᠭᠡᠵᠡᠢ᠃    ᠬᠤᠲᠠ ᠶᠢᠨ ᠤᠳᠤᠷᠢᠳᠤᠯᠭ᠎ᠠ ᠰᠣ᠋ ᠼᠦᠢ ᠹᠠᠩ᠂ ᠡᠤ ᠵᠢᠶᠠᠨ ᠰᠢᠶᠦ᠋ᠨ ᠤᠷᠤᠯᠴᠠᠪᠠ᠃
ᠢᠷᠡᠯᠲᠡ᠄ ᠤᠷᠳᠤᠰ ᠤᠨ ᠡᠳᠦᠷ ᠤᠨ ᠰᠤᠨᠢᠨ