ᠪᠦᠭᠦ ᠬᠤᠳᠠ ᠶᠢᠨ ᠨᠠᠰᠤᠳᠠᠶᠢᠴᠤᠳ ᠲᠤ ᠲᠤᠰᠠᠯᠠᠬᠤ 91 ᠬᠤᠭᠤᠯᠠᠨ ᠭᠡᠷ ᠨᠠᠰᠤᠳᠠᠶᠢᠴᠤᠳ ᠲᠤ ᠰᠢᠯᠢᠳᠡᠭ ᠦᠢᠯᠡᠴᠢᠯᠡᠭᠡ ᠬᠠᠨᠭ᠍ᠭᠠᠨ᠎ᠠ
ᠨᠡᠶᠢᠲᠡᠯᠡᠭᠰᠡᠨ ᠴᠠᠭ᠄
2023/11/24
      ᠣᠶᠢᠷ᠎ᠠ ᠶᠢᠨ ᠵᠢᠯ ᠠᠴᠠ ᠨᠠᠭᠠᠰᠢ᠂ ᠮᠠᠨ ᠤ ᠬᠤᠲᠠ ᠬᠤᠲᠠ ᠪᠠᠯᠭᠠᠰᠤᠨ ᠤ ︽ᠨᠠᠰᠤᠳᠠᠠ ᠤ ᠠᠰᠠᠷᠠᠮᠵᠢ ᠶᠢᠨ ᠨᠢᠭᠡ ᠮᠥᠴᠡ ᠶᠢᠨ ᠦᠢᠯᠡᠴᠢᠯᠡᠭᠡᠨ ᠤ ᠪᠦᠰᠡ︾ ᠪᠠ ᠮᠠᠯᠵᠢᠬᠤ ᠲᠠᠷᠢᠶᠠᠯᠠᠬᠤ ᠣᠷᠣᠨ ᠤ ᠭᠤᠷᠪᠠᠨ ᠱᠠᠲᠤᠨ ᠤ ᠨᠠᠰᠤᠳᠠᠳ ᠤᠨ ᠠᠰᠠᠷᠠᠮᠵᠢ ᠶᠢᠨ ᠦᠢᠯᠡᠴᠢᠯᠡᠭᠡᠨ ᠤ ᠲᠣᠣᠷ ᠰᠦᠯᠵᠢᠶ᠎ᠡ ᠶᠢ ᠲᠦᠷᠭᠡᠳᠭᠡᠨ ᠪᠠᠶᠢᠭᠤᠯᠵᠤ᠂ ᠬᠤᠲᠠ ᠭᠦᠳᠡᠭᠡ ᠶᠢᠨ ᠨᠠᠰᠤᠳᠠᠨ ᠤ ᠠᠰᠠᠷᠠᠮᠵᠢ ᠶᠢᠨ ᠦᠢᠯᠡᠴᠢᠯᠡᠭᠡᠨ ᠤ ᠲᠥᠬᠦᠭᠡᠷᠦᠮᠵᠢ ᠶᠢ ᠤᠯᠠᠮ ᠲᠡᠭᠦᠯᠳᠡᠷᠵᠢᠭᠦᠯᠦᠨ᠂ ᠨᠠᠰᠤᠳᠠᠨ ᠤ ᠠᠰᠠᠷᠠᠮᠵᠢ ᠶᠢᠨ ᠬᠤᠭᠤᠯᠠ ᠤᠮᠳᠠ ᠶᠢᠨ ᠦᠢᠯᠡᠴᠢᠯᠡᠭᠡᠨ ᠤ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠤ᠂ ᠨᠡᠩ ᠤᠯᠠᠨ ᠨᠠᠰᠤᠲᠠᠶᠢᠴᠤᠳ ᠭᠡᠷ ᠲᠡᠭᠡᠨ ᠬᠠᠯᠠᠭᠤᠨ ᠪᠦᠯᠢᠶᠡᠨ ᠬᠤᠭᠤᠯᠠ ᠢᠳᠡᠵᠤ ᠲᠡᠶᠢᠯᠭᠦ ᠪᠤᠯᠪᠠ᠃     ᠣᠶᠢᠷ᠎ᠠ ᠳᠤ᠂ ᠰᠤᠷᠪᠤᠯᠵᠢᠯᠠᠭᠴᠢ ᠡᠵᠡᠨ ᠬᠤᠷᠤᠭ᠎ᠠ ᠬᠤᠰᠢᠭᠤᠨ ᠤ ᠭᠡᠷ ᠲᠡᠭᠡᠨ ᠰᠠᠭᠤᠵᠤ ᠨᠡᠶᠢᠭᠡᠮ ᠲᠤᠭᠤᠷᠢᠭ ᠤᠨ ᠦᠢᠯᠡᠴᠢᠯᠡᠭᠡ ᠶᠢ ᠭᠦᠷᠳᠡᠭᠦ ᠨᠠᠰᠤᠳᠠᠨ ᠤ ᠠᠰᠠᠷᠠᠮᠵᠢ ᠶᠢᠨ ᠦᠢᠯᠡᠴᠢᠯᠡᠭᠡᠨ ᠤ ᠲᠥᠪ ᠤᠨ ᠬᠤᠭᠤᠯᠠ ᠤᠮᠳᠠ ᠶᠢᠨ ᠲᠤᠰᠠᠯᠠᠮᠵᠢ ᠦᠵᠡᠭᠦᠯᠭᠦ ᠭᠠᠵᠠᠷ ᠲᠤ ᠭᠦᠷᠭᠦ ᠳᠤ᠂ ᠲᠣᠭᠤᠭᠠᠨ ᠭᠡᠷ ᠤᠨ ᠠᠵᠢᠯᠳᠠᠨ ᠬᠤᠭᠤᠯᠠ ᠪᠤᠳᠠᠭ᠎ᠠ ᠲᠦᠭᠦᠭᠡᠷᠤᠭᠡᠳ ᠶᠠᠭᠠᠷᠠᠵᠤ᠂ ᠤᠯᠠᠨ ᠨᠠᠰᠤᠳᠠᠶᠢᠴᠤᠳ ᠠᠷᠤ ᠠᠷᠤ ᠠᠴᠠ ᠪᠠᠨ ᠭᠦᠷᠦᠯᠴᠡᠨ ᠢᠷᠡᠵᠦ᠂ ᠵᠠᠷᠢᠮ ᠨᠢ ᠨᠤᠭᠤᠭ᠎ᠠ ᠵᠠᠭᠤᠰᠢ ᠪᠠᠨ ᠠᠪᠴᠤ ᠶᠠᠪᠤᠨ᠂ ᠵᠠᠷᠢᠮ ᠨᠢ ᠲᠡᠨᠳᠡ ᠰᠠᠭᠤᠭᠠᠳ ᠬᠤᠭᠤᠯᠠ ᠪᠠᠨ ᠢᠳᠡᠨ᠎ᠠ᠃     ︽ᠬᠤᠭᠤᠯᠠ ᠤᠮᠳᠠ ᠶᠢᠨ ᠲᠤᠰᠠᠯᠠᠮᠵᠢ ᠦᠵᠡᠭᠦᠯᠭᠦ  ᠭᠠᠵᠠᠷ ᠤᠨ ᠦᠨ᠎ᠡ ᠬᠠᠨᠭ᠍ᠰᠢ ᠭᠢᠮᠳᠠ᠂ ᠥᠷᠯᠥᠭᠡ 2 ᠲᠥᠭᠦᠷᠢᠭ᠂ ᠦᠳᠡᠰᠢ 3 ᠲᠥᠭᠦᠷᠢᠭ᠂ ᠪᠢᠳᠡ ᠵᠠᠰᠠᠭ ᠤᠨ ᠣᠷᠳᠣᠨ ᠠᠴᠠ ᠨᠠᠰᠤᠲᠠᠶᠢᠴᠤᠳ ᠢ ᠬᠠᠯᠠᠮᠵᠢᠯᠠᠵᠤ ᠪᠠᠶᠢᠭ᠎ᠠ ᠶᠢ ᠮᠡᠳᠡᠷᠡᠵᠦ ᠪᠠᠶᠢᠨ᠎ᠠ︾ ᠭᠡᠵᠤ ᠡᠵᠡᠨ ᠬᠤᠷᠤᠭ᠎ᠠ ᠬᠤᠰᠢᠭᠤᠨ ᠤ ᠠᠯᠲᠠᠨᠰᠢᠷᠡᠭᠡᠳᠤ ᠪᠠᠯᠭᠠᠰᠤᠨ ᠤ ᠪᠥᠸᠧ ᠶᠧ ᠰᠠᠭᠤᠭᠠᠯᠢ ᠠᠷᠠᠳ ᠤᠨ ᠲᠣᠭᠤᠷᠢᠭ ᠤᠨ ᠰᠠᠭᠤᠭᠠᠯᠢ ᠠᠷᠠᠳ ᠵᠠᠩ ᠶᠢᠨ ᠮᠠᠶ ᠶᠠᠷᠢᠵᠤ ᠪᠠᠶᠢᠯ᠎ᠠ᠃     ᠳᠠᠯᠠᠳ ᠬᠤᠰᠢᠭᠤᠨ ᠤ ᠰᠢ ᠶᠤᠸᠠᠨ ᠵᠡᠭᠡᠯᠢ ᠶᠢᠨ ᠨᠠᠰᠤᠳᠠᠨ ᠤ ᠠᠰᠠᠷᠠᠮᠵᠢ ᠶᠢᠨ ᠦᠢᠯᠡᠴᠢᠯᠡᠭᠡᠨ ᠤ ᠲᠥᠪ ᠤᠨ ᠬᠤᠭᠤᠯᠠ ᠤᠮᠳᠠ ᠶᠢᠨ ᠲᠤᠰᠠᠯᠠᠮᠵᠢ ᠦᠵᠡᠭᠦᠯᠭᠦ ᠭᠠᠵᠠᠷ ᠠᠴᠠ ᠰᠤᠷᠪᠤᠯᠵᠢᠯᠠᠭᠴᠢ ᠣᠶᠢᠯᠠᠭᠠᠭᠰᠠᠨ ᠢᠶᠠᠷ᠂ ᠲᠠᠯᠠᠳ ᠬᠤᠰᠢᠭᠤ ᠪᠦᠬᠦᠯᠢ 60 ᠨᠠᠰᠤᠨ ᠠᠴᠠ ᠳᠡᠭᠡᠭᠰᠢ ᠨᠠᠰᠤᠲᠠᠶᠢᠴᠤᠳ ᠨᠢᠭᠡ ᠪᠦᠷᠢ ᠳᠤ ᠡᠷᠡᠨ ᠤ ᠬᠤᠭᠤᠯᠠ ᠳᠤ 3 ᠠᠴᠠ 10 ᠲᠥᠭᠦᠷᠢᠭ ᠤᠨ ᠨᠥᠬᠦᠪᠥᠷᠢ ᠥᠭᠳᠡᠭ ᠪᠠᠶᠢᠨ᠎ᠠ᠃     ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶᠠᠨ ᠤ ᠨᠠᠰᠤᠳᠠᠨ ᠤ ᠠᠰᠠᠷᠠᠮᠵᠢ ᠪᠠ ᠬᠡᠦᠬᠡᠳ ᠤᠨ ᠠᠰᠠᠷᠠᠮᠵᠢ ᠶᠢᠨ ᠰᠠᠯᠠᠭᠠᠨ ᠤ ᠲᠡᠳ᠋ ᠰᠠᠯᠠᠭᠠᠨ ᠲᠠᠷᠤᠭ᠎ᠠ ᠡᠦ ᠺᠠᠶ ᠴᠢᠶᠠᠩ ᠤᠨ ᠲᠠᠨᠢᠯᠴᠠᠭᠤᠯᠤᠭᠰᠠᠨ ᠢᠶᠠᠷ᠂ ᠮᠠᠨ ᠤ ᠬᠤᠲᠠ ᠭᠤᠤᠯᠳᠠᠭᠤ ︽ᠬᠤᠪᠢ ᠬᠥᠮᠦᠨ ᠨᠢᠭᠡ ᠭᠡᠰᠡᠭ ᠢ ᠭᠠᠷᠭᠠᠵᠤ᠂ ᠠᠵᠤ ᠠᠬᠤᠶᠢᠯᠠᠯ ᠨᠢᠭᠡ ᠭᠡᠰᠡᠭ ᠢ ᠭᠠᠷᠭᠠᠵᠤ᠂ ᠵᠠᠰᠠᠭ ᠤᠨ ᠣᠷᠳᠣᠨ ᠨᠢᠭᠡ ᠭᠡᠰᠡᠭ ᠢ ᠨᠥᠬᠦᠪᠥᠷᠢᠯᠡᠬᠦ︾ ᠠᠷᠭ᠎ᠠ ᠮᠠᠶ᠋ᠢᠭ ᠢᠶᠠᠷ ᠣᠯᠠᠨ ᠡᠰᠢᠴᠢᠯᠡᠨ ᠪᠠᠯᠠ ᠮᠥᠩᠭᠦ ᠴᠤᠭᠯᠠᠭᠤᠯᠵᠤ᠂ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠨᠡᠶᠢᠭᠡᠮ ᠲᠣᠭᠤᠷᠢᠭ ᠤᠨ ᠨᠠᠰᠤᠳᠠᠳ ᠤᠨ ᠠᠰᠠᠷᠠᠮᠵᠢ ᠶᠢᠨ ᠦᠢᠯᠡᠴᠢᠯᠡᠭᠡᠨ ᠤ ᠲᠤᠨᠤᠭ ᠲᠦᠭᠦᠭᠡᠷᠤᠮᠵᠢ ᠶᠢᠨ ᠱᠠᠩᠨᠠᠯ ᠨᠦᠭᠦᠪᠤᠷᠢ ᠶᠢᠨ ᠲᠦᠷᠢᠮ ᠢ ᠲᠤᠬᠳᠠᠭᠠᠵᠤ᠂ ᠬᠤᠰᠢᠭᠤ ᠲᠤᠭᠤᠷᠢᠭ ᠨᠠᠰᠤᠲᠠᠶᠢᠴᠤᠳ ᠲᠤ ᠨᠥᠬᠦᠪᠥᠷᠢ ᠥᠭᠬᠦ ᠪᠤᠶᠤ ᠦᠨ᠎ᠡ ᠬᠠᠨᠭ᠍ᠰᠢ ᠶᠢ ᠪᠠᠭᠤᠷᠠᠭᠤᠯᠵᠤ᠂ ᠨᠡᠶᠢᠭᠡᠮ ᠲᠤᠭᠤᠷᠢᠭ ᠤᠨ ᠨᠠᠰᠤᠳᠠᠶᠢᠴᠤᠳ ᠤᠨ ᠬᠤᠭᠤᠯᠠ ᠤᠮᠳᠠ ᠶᠢᠨ ᠲᠤᠰᠠᠯᠠᠮᠵᠢ ᠦᠵᠡᠭᠦᠯᠭᠦ ᠴᠡᠭ ᠤᠨ ᠡᠵᠡᠩᠨᠡᠯᠳᠡ ᠶᠢ ᠪᠦᠳᠦᠮᠵᠢᠳᠠᠢ ᠲᠡᠮᠵᠢᠭᠰᠡᠨ ᠪᠠᠶᠢᠨ᠎ᠠ᠃     ᠣᠲᠣᠬᠠᠨ ᠪᠣᠯᠲᠠᠯ᠎ᠠ᠂ ᠪᠥᠬᠦ ᠬᠤᠲᠠ ᠳᠤ ᠨᠠᠰᠤᠲᠠᠶᠢᠴᠤᠳ ᠤᠨ ᠬᠤᠭᠤᠯᠠ ᠤᠮᠳᠠ ᠶᠢᠨ ᠲᠤᠰᠠᠯᠠᠮᠵᠢ ᠦᠵᠡᠭᠦᠯᠭᠦ ᠴᠡᠭ ᠢ 91 ᠪᠠᠶᠢᠭᠤᠯᠵᠤ᠂ ᠪᠥᠬᠦ ᠬᠤᠲᠠ ᠶᠢᠨ 180 ᠭᠠᠷᠤᠶ ᠨᠡᠶᠢᠭᠡᠮ ᠲᠣᠭᠤᠷᠢᠭ ᠪᠠ 30 ᠭᠠᠷᠤᠶ  ᠭᠠᠴᠠᠭ᠎ᠠ ᠲᠤᠰᠬᠤᠨ ᠢ ᠬᠠᠮᠤᠷᠤᠬᠰᠠᠨ ᠪᠠᠶᠢᠨ᠎ᠠ᠃ ᠡᠨᠡ ᠵᠢᠯ ᠠᠴᠠ ᠨᠠᠭᠠᠰᠢ᠂ ᠪᠥᠬᠦ ᠬᠤᠲᠠ ᠪᠠᠷ ᠢᠶᠠᠨ ᠨᠡᠶᠢᠭᠡᠮ ᠲᠣᠭᠤᠷᠢᠭ ᠤᠨ ᠨᠠᠰᠤᠳᠠᠨ ᠤ ᠠᠰᠠᠷᠠᠮᠵᠢ ᠶᠢᠨ ᠲᠥᠬᠦᠭᠡᠷᠦᠮᠵᠢ ᠶᠢᠨ ᠡᠵᠡᠩᠨᠡᠯᠲᠡ ᠳᠤ 1000 ᠭᠠᠷᠤᠢ ᠲᠦᠮᠡᠨ ᠲᠦᠭᠦᠷᠢᠭ ᠤᠨ ᠪᠠᠯᠠ ᠤᠷᠤᠭᠤᠯᠵᠤ᠂ 47 ᠲᠦᠮᠡᠨ ᠬᠥᠮᠦᠨ ᠤᠳᠠᠭ᠎ᠠ ᠳᠤ ᠦᠢᠯᠡᠴᠢᠯᠡᠵᠤ᠂ ᠨᠠᠰᠤᠲᠠᠶᠢᠴᠤᠳ ᠢᠯᠠᠩᠭᠤᠶ᠎ᠠ ᠠᠵᠤ ᠠᠬᠤᠶ ᠬᠦᠴᠢᠷᠳᠡᠯ ᠲᠠᠢ᠂ ᠥᠨᠳᠥᠷ ᠨᠠᠰᠤᠲᠠᠶ᠂ ᠭᠤᠤᠨᠢ ᠵᠡᠷᠭᠡ ᠣᠨᠴᠠᠭᠠᠶ ᠬᠦᠴᠢᠷᠳᠡᠯ ᠲᠠᠢ ᠨᠠᠰᠤᠲᠠᠶᠢᠴᠤᠳ ᠤᠨ ᠬᠤᠭᠤᠯᠠ ᠤᠮᠳᠠ ᠶᠢᠨ ᠠᠰᠠᠭᠤᠳᠠᠯ ᠢ ᠪᠦᠳᠦᠮᠵᠢᠳᠠᠢ ᠰᠶᠢᠳᠪᠤᠷᠢᠯᠡᠭᠰᠡᠨ ᠪᠠᠶᠢᠨ᠎ᠠ᠃ ᠡᠭᠦᠨ ᠤ ᠬᠠᠮᠲᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠭᠠᠯ ᠰᠡᠷᠭᠡᠶᠢᠯᠡᠵᠤ ᠤᠨᠲᠠᠷᠠᠭᠠᠬᠤ᠂ ᠡᠷᠡᠭᠦᠯ ᠬᠠᠮᠠᠭᠠᠯᠠᠯ ᠵᠡᠷᠭᠡ ᠰᠠᠯᠠᠭ᠎ᠠ ᠮᠥᠴᠢᠷ ᠬᠠᠮᠲᠤᠷᠠᠨ ᠬᠢᠨᠠᠨ ᠬᠠᠮᠢᠶᠠᠷᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠤ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠳᠠ ᠪᠠᠶᠢᠴᠠᠭᠠᠯᠳᠠ ᠶᠢ ᠴᠢᠩᠭᠠᠳᠬᠠᠵᠤ᠂ ᠨᠠᠰᠤᠲᠠᠶᠢᠴᠤᠳ ᠤᠨ ᠬᠤᠭᠤᠯᠠ ᠤᠮᠳᠠ ᠶᠢᠨ ᠲᠤᠰᠠᠯᠠᠮᠵᠢ ᠶᠢ ᠠᠮᠤᠷ ᠲᠠᠶᠢᠪᠤᠡᠭ ᠡᠳ᠋ᠯᠡᠭᠦ ᠶᠢ ᠪᠠᠳᠤᠯᠠᠵᠤ ᠪᠠᠶᠢᠨ᠎ᠠ᠃
ᠢᠷᠡᠯᠲᠡ᠄ ᠤᠷᠳᠤᠰ ᠤᠨ ᠡᠳᠦᠷ ᠤᠨ ᠰᠤᠨᠢᠨ