ᠱᠠᠩᠬᠠᠢ ᠶᠢᠨ ᠰᠦᠮ᠎ᠡ ᠪᠠᠯᠭᠠᠰᠤ ᠨᠤᠲᠤᠭ ᠤᠨ ᠬᠤᠨᠢᠨ ᠤ ᠡᠭᠦᠯᠳᠡᠷ ᠢᠶᠠᠨ ᠬᠠᠮᠠᠭᠠᠯᠠᠵᠤ ᠪᠠᠶᠢᠨ᠎ᠠ
ᠨᠡᠶᠢᠲᠡᠯᠡᠭᠰᠡᠨ ᠴᠠᠭ᠄
2023/11/28
    2022 ᠤᠨ ᠳᠤ ᠱᠠᠩᠬᠠᠢ ᠶᠢᠨ ᠰᠦᠮ᠎ᠡ ᠪᠠᠯᠭᠠᠰᠤ ᠨᠢ ᠦᠲᠡᠢ ᠭᠠᠴᠠᠭ᠎ᠠ᠂ ᠪᠠᠶᠢᠳᠤ ᠭᠠᠴᠠᠭ᠎ᠠ᠂ ᠬᠠᠰᠢᠶᠠᠲᠤ ᠭᠠᠴᠠᠭ᠎ᠠ ᠵᠡᠷᠭᠡ 8 ᠭᠠᠴᠠᠭ᠎ᠠ ᠲᠤᠰᠬᠤᠨ ᠢ ᠨᠤᠲᠤᠭ ᠤᠨ ᠬᠤᠨᠢᠨ ᠤ ᠬᠠᠮᠠᠭᠠᠯᠠᠯᠲᠠ ᠶᠢᠨ ᠤᠷᠤᠨ ᠢᠶᠠᠷ ᠲᠤᠭᠲᠠᠭᠠᠵᠤ᠂ 100 ᠲᠤᠯᠤᠭᠠᠢ ᠠᠴᠠ ᠳᠡᠭᠡᠭᠰᠢ ᠦᠷᠡᠵᠢᠯ ᠤᠨ ᠬᠤᠨᠢ ᠲᠠᠢ ᠡᠷᠦᠬᠡ ᠶᠢᠨ ᠦᠷᠡᠵᠢᠯ ᠎ ᠤᠨ ᠬᠤᠨᠢ ᠪᠦᠷᠢ ᠳᠤ 100 ᠲᠦᠭᠦᠷᠢᠭ ᠤᠨ ᠨᠥᠬᠦᠪᠦᠷᠢ ᠤᠯᠭᠤᠬᠤ ᠶᠢᠨ ᠬᠠᠮᠳᠤ 68 ᠲᠤᠯᠤᠭᠠᠢ ᠬᠤᠴᠠ ᠲᠠᠷᠬᠠᠭᠠᠵᠤ᠂ ᠨᠤᠲᠤᠭ ᠤᠨ ᠬᠤᠨᠢᠨ ᠤ ᠡᠭᠦᠯᠳᠡᠷ ᠢ ᠤᠯᠠᠮ ᠨᠢᠭᠡ ᠠᠯᠬᠤᠮ ᠬᠠᠮᠠᠭᠠᠯᠠᠨ᠂ ᠮᠠᠯᠴᠢᠨ ᠲᠠᠷᠢᠶᠠᠴᠢᠨ ᠤ ᠤᠷᠤᠯᠭ᠎ᠠ ᠶᠢ ᠨᠡᠮᠡᠭᠳᠡᠭᠦᠯᠵᠤ ᠪᠠᠶᠢᠨ᠎ᠠ᠃    ᠡᠨᠡ ᠵᠢᠯ ᠪᠠᠷᠤᠭ ᠲᠦᠮᠡ ᠲᠠᠪᠤᠨ ᠮᠢᠩᠭᠠᠨ ᠲᠤᠯᠤᠭᠠᠢ ᠦᠷᠡᠵᠢᠯ ᠤᠨ ᠬᠤᠨᠢᠨ ᠳᠤ ᠨᠥᠭᠦᠪᠦᠷᠢ ᠤᠯᠭᠤᠬᠤ ᠪᠠᠷ ᠪᠠᠶᠢᠨ᠎ᠠ᠃
  
ᠢᠷᠡᠯᠲᠡ᠄ ᠤᠷᠳᠤᠰ ᠬᠤᠲᠠ ᠶᠢᠨ ᠬᠠᠮ ᠵᠠᠭᠤᠴᠢᠯᠠᠭᠤᠷ ᠤᠨ ᠲᠥᠪ